ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠰᠢᠶᠠᠩ ᠶᠠᠩ ᠨᠡᠶᠢᠭᠡᠮ ᠲᠣᠭᠤᠷᠢᠭ ᠪᠠᠷᠠᠭᠤᠨ ᠣᠪᠣᠭ᠎ᠠ ᠬᠤᠶᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
   ᠣᠶᠢᠷ᠎ᠠ ᠳᠤ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠰᠢᠶᠠᠩ ᠶᠠᠩ ᠨᠡᠶᠢᠭᠡᠮ ᠲᠣᠭᠤᠷᠢᠭ ᠪᠣᠯᠤᠨ ᠪᠠᠷᠠᠭᠤᠨ ᠣᠪᠣᠭ᠎ᠠ ᠬᠤᠶᠠᠳᠤᠭᠠᠷ ᠪᠠᠭ᠎ᠠ ᠰᠤᠷᠭᠠᠭᠤᠯᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
   ᠲᠤᠰ ᠤᠳᠠᠭᠠᠨ ᠤ ᠠᠵᠢᠯᠯᠠᠭ᠎ᠠ ᠨᠢ ︽ᠪᠠᠷᠠᠭᠤᠨ ᠡᠭᠦᠳᠡ ᠪᠠᠷ ᠶᠠᠪᠤᠬᠤ︾ ᠰᠣᠶᠣᠯ ᠮᠡᠳᠡᠯᠭᠡ ᠤᠷᠠᠨ ᠰᠠᠶᠢᠬᠠᠨ ᠤ ᠲᠣᠭᠯᠠᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠬᠡᠦᠬᠡᠳ ᠤᠳ ᠤᠷᠮ᠎ᠠ ᠵᠣᠷᠢᠭ ᠪᠠᠳᠠᠷᠠᠨ᠂ ᠲᠡᠷᠢᠭᠦᠨ ᠳᠤ ᠣᠷᠣᠬᠤ ᠪᠠᠷ ᠴᠢᠷᠮᠠᠶᠢᠵᠤ ᠳᠠᠷᠠᠭ᠎ᠠ ᠨᠢ ᠣᠷᠣᠯᠴᠠᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠳ ᠲᠤ ᠬᠠᠭᠤᠴᠢᠨ ᠪᠤᠭᠤᠲᠤ ᠶᠢᠨ ᠰᠣᠶᠣᠯ ᠢ ᠳᠠᠮᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠬᠥᠭᠵᠢᠯᠲᠡ ᠶᠢ ᠳᠥᠯᠭᠢᠨ ᠠᠬᠢᠭᠤᠯᠵᠤ᠂ ᠬᠡᠦᠬᠡᠳ ᠤᠳ ᠲᠤ ᠪᠠᠶᠠᠯᠢᠭ ᠰᠠᠶᠢᠬᠠᠨ ᠠᠵᠢᠯᠯᠠᠭ᠎ᠠ ᠶᠢᠨ ᠳᠤᠮᠳᠠ ᠮᠡᠳᠡᠯᠭᠡ ᠡᠵᠡᠮᠰᠢᠭᠦᠯᠵᠦ᠂ ᠨᠤᠲᠤᠭ ᠤᠰᠤᠨ ᠤ ᠪᠠᠨ ᠲᠡᠤᠬᠡ ᠶᠢ ᠣᠶᠢᠯᠠᠭᠠᠬᠤ᠂ ᠨᠤᠲᠤᠭ ᠤᠰᠤ ᠪᠠᠨ ᠬᠠᠶᠢᠷᠠᠯᠠᠬᠤ ᠰᠣᠶᠣᠯ ᠤᠨ ᠠᠭᠤᠷ ᠠᠮᠢᠰᠬᠤᠯ ᠢ ᠭᠦᠨ ᠵᠤᠵᠠᠭᠠᠨ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠰᠢᠶᠠᠩ ᠶᠠᠩ ᠨᠡᠶᠢᠭᠡᠮ ᠲᠣᠭᠤᠷᠢᠭ ᠰᠤᠷᠭᠠᠭᠤᠯᠢ ᠶᠢᠨ ᠬᠦᠷᠢᠶ᠎ᠠ ᠯᠦᠭᠡ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠶ ᠬᠠᠶᠢᠨ ᠰᠦᠪᠡᠭᠴᠢᠯᠡᠵᠦ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶᠡᠨ ᠤ ᠲᠠᠪᠴᠠᠩ ᠳᠤ ᠲᠦᠰᠢᠭᠯᠡᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1