ᠮᠠᠨ ᠤ ᠲᠤᠭᠤᠷᠢᠭ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠬᠡᠪᠯᠡᠨ ᠲᠠᠷᠬᠠᠭᠠᠬᠤ᠂ ᠬᠡᠪᠯᠡᠭᠳᠡᠬᠦᠨ ᠢ | ᠡᠵᠡᠩᠨᠡᠬᠦ᠂ ᠺᠢᠨᠣ᠋ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠠᠮᠤᠷ ᠲᠦᠪᠰᠢᠨ | ᠲᠣᠭᠲᠠᠭᠤᠨ᠂ ᠡᠷᠡᠭᠦᠯ ᠴᠢᠭᠢᠷᠠᠭ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠾᠧ ᠫᠢᠩ ᠵᠠᠮ ᠤᠨ ᠵᠡᠭᠡᠯᠢ ᠭᠤᠳᠤᠮᠵᠢ ᠳᠤ ᠳ᠋ᠦᠩ | ᠾᠧ ᠲᠣᠭᠤᠷᠢᠭ ᠤᠨ ᠬᠡᠪᠯᠡᠨ ᠲᠠᠷᠬᠠᠭᠠᠬᠤ᠂ ᠬᠡᠪᠯᠡᠭᠳᠡᠬᠦᠨ ᠢ ᠡᠵᠡᠩᠨᠡᠬᠦ᠂ ᠺᠢᠨᠣ᠋ ᠶᠢᠨ ᠠᠵᠢᠯ ᠲᠦᠷᠦᠯ ᠤᠨ ᠠᠶᠤᠯᠭᠦᠢ | ᠦᠢᠯᠡᠳᠪᠦᠷᠢᠯᠡᠯ ᠵᠢᠴᠢ ᠵᠢᠷᠤᠮᠵᠢᠭᠰᠠᠨ ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ | | ᠬᠤᠷᠠᠯ ᠳᠡᠭᠡᠷ᠎ᠡ᠂ ᠠᠵᠤ ᠠᠬᠤᠶᠢᠯᠠᠯ᠂ ᠬᠡᠪᠯᠡᠭᠳᠡᠬᠦᠨ ᠡᠵᠡᠩᠨᠡᠬᠦ ᠠᠵᠤ ᠠᠬᠤᠶᠢᠯᠠᠯ᠂ ᠺᠢᠨᠣ᠋ ᠶᠢᠨ ᠣᠷᠳᠣᠨ ᠤ | ᠠᠵᠢᠯ ᠲᠦᠷᠦᠯ ᠤᠨ ᠣᠨᠴᠠᠯᠢᠭ ᠵᠢᠴᠢ ᠡᠯ᠎ᠡ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠶᠢᠨ ᠭᠤᠣᠯᠳᠠᠯᠭ᠎ᠠ ᠲᠠᠢ ᠵᠦᠢᠯᠡᠰ ᠢ ᠨᠠᠷᠢᠨ ᠲᠠᠶᠢᠯᠪᠤᠷᠢᠯᠠᠭᠰᠠᠨ ᠪᠥᠭᠡᠳ ᠬᠡᠷᠬᠢᠨ ᠨᠣᠮ ᠪᠢᠴᠢᠭ ᠤᠨ | ᠵᠢᠩᠬᠢᠨᠢ ᠬᠡᠪᠯᠡᠯ ᠪᠣᠯᠤᠨ ᠬᠡᠪᠯᠡᠯ ᠬᠤᠯᠠᠭᠠᠶᠢᠯᠠᠬᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠤᠬᠠᠮᠰᠠᠷ ᠢ ᠬᠡᠷᠬᠢᠨ ᠳᠡᠭᠡᠭᠰᠢᠯᠡᠭᠦᠯᠬᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ | ᠠᠩᠬᠠᠷᠬᠤ ᠵᠦᠢᠯ ᠪᠣᠯᠤᠨ ᠠᠷᠭ᠎ᠠ ᠬᠡᠯᠪᠡᠷᠢ ᠵᠡᠷᠭᠡ ᠠᠭᠤᠯᠭ᠎ᠠ ᠳᠤ ᠴᠢᠭᠯᠡᠭᠦᠯᠦᠨ ᠲᠠᠶᠢᠯᠤᠮᠵᠢ ᠬᠢᠵᠡᠢ᠃ ᠬᠤᠷᠠᠯ ᠤᠨ | ᠳᠠᠷᠠᠭ᠎ᠠ᠂ ᠴᠢᠤᠸᠠᠨ ᠶᠧ ᠺᠢᠨᠣ᠋ ᠶᠢᠨ ᠬᠤᠲᠠ᠂ ᠬᠠᠲᠤᠨ ᠭᠤᠤᠯ ᠤᠨ ᠺᠢᠨᠣ᠋ ᠶᠢᠨ ᠲᠢᠶᠠᠳ᠋ᠷ᠂ ᠳ᠋ᠠ ᠳ᠋ᠢ ᠬᠤᠸᠠ ᠼᠠᠢ | ᠵᠠᠷ ᠮᠡᠳᠡᠭᠡᠨ ᠤ ᠴᠢᠮᠡᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠲᠤᠬᠠᠶ ᠶᠢᠨ ᠭᠠᠵᠠᠷ ᠤᠨ ᠪᠠᠶᠢᠴᠠᠭᠠᠯᠲᠠ ᠪᠠ | ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠭᠰᠡᠨ ᠪᠥᠭᠡᠳ ᠬᠤᠯᠪᠣᠭᠳᠠᠯ ᠪᠥᠬᠦᠶ ᠠᠰᠠᠭᠤᠳᠠᠯ ᠢ ᠲᠤᠬᠠᠶ ᠶᠢᠨ | ᠲᠠᠯᠠᠪᠤᠷ ᠲᠤᠨᠢ ᠬᠠᠷᠢᠭᠤᠯᠪᠠ᠃ | ᠳᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠨᠳᠤᠯᠭᠠᠲᠤ | ᠴᠢᠨᠠᠷᠲᠠᠶ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠪᠣᠯᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ | ᠤᠯᠤᠯᠴᠠᠭ᠎ᠠ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠮᠤᠷ ᠲᠦᠪᠰᠢᠨ ᠢ ᠬᠠᠮᠠᠭᠠᠯᠠᠬᠤ ᠬᠠᠮᠲᠤᠷᠠᠯ | ᠬᠦᠴᠦᠨ ᠢ ᠪᠦᠷᠢᠯᠳᠦᠭᠦᠯᠵᠦ᠂ ᠤᠯᠠᠨ ᠲᠦᠮᠡᠨ ᠳᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ | ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ | |