ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠵᠡᠭᠡᠯᠢ ᠲᠣᠭᠤᠷᠢᠭ ᠨᠢ ᠤᠯᠠᠮᠵᠢᠯᠠᠯᠲᠤ ᠬᠠᠭᠤᠴᠢᠨ | ᠪᠠᠷᠢᠯᠭ᠎ᠠ ᠶᠢᠨ ᠳᠠᠬᠢᠨ ᠢᠯᠡᠷᠡᠯ ᠪᠣᠯᠬᠤ ᠪᠠᠷ ᠪᠠᠷᠠᠬᠤ ᠦᠭᠡᠢ᠂ ᠨᠡᠩ ᠴᠤ᠋ ᠬᠤᠲᠠ ᠶᠢᠨ ᠰᠠᠭᠤᠭᠳᠠᠯ ᠪᠣᠯᠤᠨ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠬᠠᠮᠲᠤᠷᠠᠨ ᠬᠥᠳᠡᠯᠦᠯᠴᠡᠬᠦ ᠰᠢᠨ᠎ᠡ ᠬᠥᠳᠡᠯᠭᠡᠭᠦᠷ ᠪᠣᠯᠤᠨ᠎ᠠ᠃ ᠬᠠᠭᠤᠴᠢᠨ | ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠵᠡᠭᠡᠯᠢ ᠲᠣᠭᠤᠷᠢᠭ ᠨᠢ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠪᠠ ᠥᠪᠡᠷᠮᠢᠴᠡ ᠷᠢᠳᠢ ᠰᠢᠳᠢ ᠶᠢ ᠤᠯᠠᠮ ᠨᠢᠭᠡ ᠠᠯᠬᠤᠮ ᠳᠡᠯᠭᠡᠨ ᠦᠵᠡᠭᠦᠯᠬᠦ ᠶᠢᠨ ᠲᠥᠯᠥᠭᠡ᠂ 1 | ᠰᠠᠷ᠎ᠠ ᠶᠢᠨ 13 ᠤ ᠡᠳᠦᠷ᠂ ᠳ᠋ᠦᠩ ᠾᠧ ᠲᠣᠭᠤᠷᠢᠭ ᠤᠨ ᠬᠢᠨ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ | ᠵᠡᠭᠡᠯᠢ ᠲᠣᠭᠤᠷᠢᠭ ᠢ ᠨᠡᠭᠡᠭᠡᠬᠦ ᠵᠢᠴᠢ ᠳ᠋ᠦᠩ ᠾᠧ ᠲᠣᠭᠤᠷᠢᠭ ᠤᠨ 2025 ᠣᠨ ᠤ ᠴᠠᠭᠠᠨ ᠰᠠᠷ᠎ᠠ ᠶᠢᠨ | ᠰᠣᠶᠣᠯ ᠤᠨ ᠠᠵᠢᠯᠯᠠᠭ᠎ᠠ ᠶᠢᠨ ᠵᠠᠭᠤᠴᠢᠯᠠᠭᠤᠷ ᠤᠨ ᠮᠡᠳᠡᠭᠡᠯᠡᠯ ᠤᠨ ᠬᠤᠷᠠᠯ ᠢ ᠬᠤᠷᠠᠯᠳᠤᠭᠤᠯᠪᠠ᠃ | | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ | ᠯᠢ ᠬᠤᠷᠠᠯ ᠢ ᠡᠷᠭᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠷᠦᠢ ᠵᠢᠶᠦ᠋ᠨ | ᠬᠤᠷᠠᠯ ᠳᠤ ᠣᠷᠣᠯᠴᠠᠭᠰᠠᠨ ᠪᠥᠭᠡᠳ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠵᠡᠭᠡᠯᠢ ᠲᠣᠭᠤᠷᠢᠭ ᠤᠨ | ᠶᠡᠷᠦᠩᠬᠡᠢ ᠪᠠᠶᠢᠳᠠᠯ᠂ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠡᠬᠢᠯᠡᠭᠦᠯᠦᠨ ᠪᠡᠯᠡᠳᠬᠡᠭᠰᠡᠨ ᠪᠠᠶᠢᠳᠠᠯ ᠢ | ᠲᠠᠨᠢᠯᠴᠠᠭᠤᠯᠪᠠ᠃ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠳ᠋ᠦᠩ ᠾᠧ ᠲᠣᠭᠤᠷᠢᠭ ᠤᠨ 2025 ᠣᠨ ᠤ ᠴᠠᠭᠠᠨ ᠰᠠᠷ᠎ᠠ ᠶᠢᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ᠂ 2025 ᠣᠨ ᠤ ᠴᠠᠭᠠᠨ ᠰᠠᠷ᠎ᠠ ᠶᠢᠨ ᠪᠠᠷᠠᠭᠠᠨ ᠤ | ᠠᠵᠢᠯᠯᠠᠭ᠎ᠠ ᠶᠢᠨ ᠲᠣᠬᠢᠷᠠᠭᠤᠯᠤᠯᠲᠠ ᠶᠢ ᠲᠣᠰ ᠲᠣᠰ ᠲᠠᠨᠢᠯᠴᠠᠭᠤᠯᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ᠂ ᠰᠦᠯᠵᠢᠶᠡᠨ ᠤ | ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ ᠲᠠᠪᠴᠠᠩ ᠬᠤᠷᠠᠯ ᠳᠤ ᠣᠷᠣᠯᠴᠠᠪᠠ᠃ | ᠣᠢᠯᠠᠭᠠᠭᠰᠠᠨ ᠢᠶᠠᠷ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠵᠡᠭᠡᠯᠢ ᠲᠣᠭᠤᠷᠢᠭ ︵ᠬᠦᠷᠡᠯ | ᠰᠢᠯᠢ ᠰᠠᠨ ᠭᠤᠸᠠᠨ ᠮᠢᠶᠣᠣ ᠤᠯᠠᠮᠵᠢᠯᠠᠯᠲᠤ ᠵᠡᠭᠡᠯᠢ︶ ᠨᠢ ᠳ᠋ᠦᠩ ᠾᠧ ᠲᠣᠭᠤᠷᠢᠭ ᠲᠤ ᠪᠠᠶᠢᠷᠢᠯᠠᠵᠤ᠂ ᠪᠠᠷᠠᠭᠤᠨᠰᠢ | ᠪᠤᠭᠤᠲᠤ ᠰᠦᠮ᠎ᠡ᠂ ᠵᠡᠭᠦᠨᠰᠢ ᠵᠤᠸᠠᠨ ᠯᠦᠩ ᠽᠠᠩ ᠯᠦᠩ ᠴᠢᠤᠸᠠᠨ ᠰᠧ ᠲᠠᠢ ᠭᠤᠣᠯ ᠠᠯᠤᠰᠯᠠᠨ ᠪᠠᠶᠢᠷᠢᠯᠠᠵᠤ᠂ | ᠪᠤᠭᠤᠲᠤ ᠶᠢᠨ ᠭᠠᠵᠠᠷ ᠣᠷᠣᠨ ᠤ ᠬᠠᠮᠤᠭ ᠰᠡᠭᠦᠯ ᠤᠨ ᠨᠢᠭᠡ ᠤᠯᠠᠮᠵᠢᠯᠠᠯᠲᠤ ᠠᠷᠠᠳ ᠤᠨ ᠣᠷᠣᠨ ᠰᠠᠭᠤᠴᠠ | ᠬᠠᠷᠢᠴᠠᠩᠭᠤᠢ ᠪᠠᠷ ᠲᠥᠪᠯᠡᠷᠡᠭᠰᠡᠨ ᠣᠷᠣᠨ ᠪᠣᠯᠬᠤ ᠪᠥᠭᠡᠳ ᠪᠤᠭᠤᠲᠤ ᠶᠢᠨ ᠤᠯᠠᠮᠵᠢᠯᠠᠯᠲᠤ ᠰᠣᠶᠣᠯ ᠤᠨ ᠪᠣᠳᠠᠰ ᠤᠨ | ᠠᠴᠢᠶᠠᠯᠠᠪᠤᠷᠢ ᠪᠠ ᠴᠢᠬᠤᠯᠠ ᠰᠣᠶᠣᠯ ᠤᠨ ᠥᠪ ᠪᠣᠯᠤᠨ᠎ᠠ᠃ ᠡᠨᠡ ᠬᠦ ᠬᠡᠰᠡᠭ ᠤᠯᠠᠮᠵᠢᠯᠠᠯᠲᠤ ᠠᠷᠠᠳ ᠤᠨ ᠣᠷᠣᠨ | ᠰᠠᠭᠤᠴᠠ ᠨᠢ ︽ᠪᠠᠷᠠᠭᠤᠨᠰᠢ ᠨᠡᠭᠦᠳᠡᠯᠯᠡᠬᠦ︾ ᠬᠥᠭᠵᠢᠯ ᠪᠠᠳᠠᠷᠠᠯ ᠤᠨ ᠰᠡᠭᠦᠯᠴᠢ ᠶᠢᠨ ᠴᠢᠩ ᠤᠯᠤᠰ ᠤᠨ ᠢᠷᠭᠡᠨ | ᠤᠯᠤᠰ ᠤᠨ ᠦᠶ᠎ᠡ ᠳᠤ ᠡᠷᠲᠡᠨ ᠤ ᠠᠷᠠᠳ ᠤᠨ ᠣᠷᠣᠨ ᠰᠠᠭᠤᠴᠠ ᠶᠢᠨ ᠬᠦᠷᠢᠶᠡᠯᠡᠩ 19 ᠪᠤᠢ᠂ ᠬᠠᠭᠤᠴᠢᠨ | ᠪᠤᠭᠤᠲᠤ ᠶᠢᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠪᠦᠯᠦᠭ ᠤᠨ ᠨᠡᠶᠢᠲᠡᠯᠢᠭ | ᠲᠥᠯᠥᠭᠡᠯᠡᠭᠴᠢ ᠪᠣᠯᠵᠠᠢ᠃ ᠠᠳᠡ ᠪᠠᠷᠠᠭᠤᠨᠰᠢ ᠨᠡᠭᠦᠳᠡᠯᠯᠡᠬᠦ ᠰᠤᠶᠤᠯ ᠤᠨ ᠡᠭᠦᠰᠦᠯ ᠤᠨ ᠭᠠᠵᠠᠷ᠂ ᠬᠠᠭᠤᠴᠢᠨ | ᠨᠡᠷᠡᠲᠦ ᠲᠡᠮᠳᠡᠭ᠂ ᠤᠯᠠᠭᠠᠨ ᠰᠤᠶᠤᠯ ᠲᠥᠪᠯᠡᠷᠡᠭᠰᠡᠨ ᠭᠠᠵᠠᠷ ᠭᠡᠵᠦ ᠠᠯᠳᠠᠷᠰᠢᠭᠰᠠᠨ ᠪᠠᠶᠢᠳᠠᠭ᠃ ᠵᠡᠭᠡᠯᠢ | ᠲᠤᠭᠤᠷᠢᠭ ᠤᠨ ᠲᠡᠤᠬᠡᠨ ᠪᠠᠷᠢᠯᠭ᠎ᠠ ᠨᠤᠭᠤᠳ ᠨᠢ ᠢᠯᠡ ᠲᠤᠳᠤ ᠢᠷᠭᠡᠨ ᠤᠯᠤᠰ ᠤᠨ ᠦᠶ᠎ᠡ ᠶᠢᠨ ᠪᠠᠷᠢᠯᠭ᠎ᠠ ᠲᠠᠢ᠂ | ᠪᠤᠭᠤᠲᠤ ᠶᠢᠨ ᠲᠤᠰ ᠭᠠᠵᠠᠷ ᠤᠨ ᠣᠨᠴᠠᠯᠢᠭ ᠢ ᠳᠠᠭᠠᠯᠳᠤᠭᠤᠯᠤᠭᠰᠠᠨ ᠪᠥᠭᠡᠳ ᠬᠦᠷᠢᠶᠡᠨ ᠤ ᠪᠠᠶᠢᠷᠢᠰᠢᠭᠤᠯᠤᠯ ᠨᠢ | ᠲᠡᠭᠰᠢ ᠲᠥᠪᠯᠡᠷᠡᠭᠰᠡᠨ᠂ ᠭᠠᠳᠠᠷ ᠰᠦᠷᠯᠢᠭ ᠳᠣᠲᠣᠭᠠᠳᠤ ᠰᠠᠶᠢᠬᠠᠨ᠂ ᠪᠠᠷᠢᠯᠭ᠎ᠠ ᠶᠢᠨ ᠰᠢᠪᠠᠷ ᠬᠡᠷᠡᠮ ᠨᠢ ᠮᠣᠳᠣᠨ | ᠵᠢᠶᠠᠰᠠ᠂ ᠨᠢᠷᠤᠭᠤ ᠪᠠᠨ ᠡᠷᠭᠦᠬᠦ ᠪᠦᠲᠦᠴᠡ ᠲᠠᠢ᠂ ᠲᠤᠰ ᠭᠠᠵᠠᠷ ᠤᠨ ᠲᠡᠦᠬᠡ ᠶᠢᠨ ᠬᠤᠪᠢᠷᠠᠯᠲᠠ᠂ ᠰᠣᠶᠣᠯ ᠤᠨ | ᠤᠯᠠᠮᠵᠢᠯᠠᠯ ᠵᠢᠴᠢ ᠪᠠᠷᠢᠯᠭ᠎ᠠ ᠶᠢᠨ ᠤᠷᠠᠯᠢᠭ ᠵᠡᠷᠭᠡ ᠲᠠᠯ᠎ᠠ ᠪᠠᠷ ᠴᠢᠬᠤᠯᠠ ᠦᠨ᠎ᠡ ᠥᠷᠲᠡᠭ ᠲᠠᠢ ᠶᠤᠮ᠃ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ | ᠵᠣᠬᠢᠶᠠᠨ ᠪᠠᠶᠢᠭᠤᠯᠤᠭᠰᠠᠨ ᠲᠣᠰ ᠤᠳᠠᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ | ᠠᠮᠢᠳᠤᠯᠢᠭᠵᠢᠭᠤᠯᠤᠨ ᠠᠰᠢᠭᠯᠠᠬᠤ ᠶᠢᠨ ᠲᠥᠯᠥᠭᠡ ᠪᠠᠷᠠᠭᠤᠨᠰᠢ ᠨᠡᠭᠦᠳᠡᠯᠯᠡᠬᠦ ᠬᠠᠭᠤᠴᠢᠨ ᠪᠤᠭᠤᠲᠤ ᠶᠢᠨ ᠴᠡᠴᠡᠭᠯᠡᠨ | ᠬᠥᠭᠵᠢᠭᠰᠡᠨ ᠪᠠᠶᠢᠳᠠᠯ ᠢ ᠳᠠᠬᠢᠨ ᠢᠯᠡᠷᠡᠭᠦᠯᠵᠦ᠂ ᠪᠠᠷᠠᠭᠤᠨᠰᠢ ᠨᠡᠭᠦᠳᠡᠯᠯᠡᠬᠦ ᠰᠣᠶᠣᠯ ᠤᠨ ᠠᠭᠤᠯᠤᠭᠳᠠᠬᠤᠨ ᠢ | ᠭᠦᠨᠵᠡᠭᠡᠶ ᠠᠭᠤᠳᠠᠯᠬᠤ ᠪᠠᠷ ᠳᠠᠮᠵᠢᠭᠤᠯᠤᠨ᠂ ᠲᠡᠭᠦᠨ ᠢ ᠪᠠᠷᠠᠭᠤᠨᠰᠢ ᠨᠡᠭᠦᠳᠡᠯᠯᠡᠬᠦ ᠰᠣᠶᠣᠯ ᠤᠨ ᠣᠶᠢᠯᠠᠭᠠᠯᠲᠠ᠂ | ᠪᠤᠭᠤᠲᠤ ᠶᠢᠨ ᠣᠨᠴᠠᠯᠢᠭᠲᠤ ᠠᠮᠲᠠᠲᠤ ᠢᠳᠡᠭᠡᠨ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ᠂ ᠰᠡᠯᠡᠭᠦᠴᠡᠯ ᠤᠨ | ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠵᠢᠪᠦᠯᠲᠦ ᠰᠣᠶᠣᠯ ᠤᠨ ᠭᠤᠤᠯ ᠰᠡᠳᠦᠪᠲᠦ ᠦᠵᠡᠭᠦᠯᠭᠡ ᠶᠢᠨ ᠵᠡᠭᠡᠯᠢ | ᠪᠣᠯᠭᠠᠨ ᠪᠥᠲᠥᠭᠡᠨ ᠪᠠᠶᠢᠭᠤᠯᠬᠤ ᠶᠢᠨ ᠲᠥᠯᠥᠭᠡ ᠶᠤᠮ᠃ ᠪᠦᠬᠦ᠋ᠢᠯᠡ ᠵᠡᠭᠡᠯᠢ ᠲᠣᠭᠤᠷᠢᠭ ᠨᠢ ᠲᠡᠦᠬᠡ ᠶᠢᠨ ᠲᠤᠬᠠᠢ | ᠮᠥᠷᠳᠡᠯᠲᠡ ᠪᠣᠯᠬᠤ ᠪᠠᠷ ᠪᠠᠷᠠᠬᠤ ᠦᠭᠡᠢ᠂ ᠨᠡᠩ ᠴᠤ ᠬᠤᠳᠠ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ | ᠵᠤᠭᠠᠴᠠᠭᠰᠠᠳ ᠵᠡᠭᠡᠯᠢ ᠭᠤᠳᠤᠮᠵᠢ ᠪᠠᠷ ᠠᠯᠬᠤᠬᠤ ᠳᠤ᠂ ᠠᠬᠠᠮᠠᠳ ᠦᠶ᠎ᠡ ᠶᠢᠨ ᠬᠢᠨ ᠤ ᠪᠠᠷᠠᠭᠤᠨᠰᠢ ᠨᠡᠭᠦᠳᠡᠯᠯᠡᠬᠦ | ᠬᠦᠴᠢᠷ ᠪᠡᠷᠬᠡᠰᠢᠶᠡᠯ ᠪᠣᠯᠤᠨ ᠲᠡᠮᠡᠴᠡᠯ ᠢ ᠬᠠᠷᠠᠭᠤᠯᠵᠤ᠂ ᠤᠯᠠᠨ ᠡᠰᠢᠲᠦ ᠰᠣᠶᠣᠯ ᠤᠨ ᠪᠤᠭᠤᠲᠤ ᠳᠤ | ᠠᠭᠤᠰᠤᠯᠴᠠᠭᠰᠠᠨ ᠥᠪᠡᠷᠮᠢᠴᠡ ᠷᠢᠳᠢ ᠰᠢᠳᠢ ᠶᠢ ᠣᠶᠢᠯᠠᠭᠠᠵᠤ᠂ ᠲᠡᠭᠦᠨ ᠢ ᠪᠤᠭᠤᠲᠤ ᠬᠤᠳᠠ ᠶᠢᠨ ᠬᠤᠳᠠ ᠶᠢᠨ | ᠰᠣᠶᠣᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ | ᠡᠭᠦᠨ ᠠᠴᠠ ᠭᠠᠳᠠᠨ᠎ᠠ᠂ ᠳ᠋ᠦᠩ ᠾᠧ ᠲᠣᠭᠤᠷᠢᠭ ᠤᠨ ᠬᠢᠨ 2025 ᠣᠨ ᠤ ᠴᠠᠭᠠᠨ ᠰᠠᠷ᠎ᠠ ᠶᠢᠨ | ᠪᠠᠶᠠᠷ ᠤᠨ ᠬᠤᠭᠤᠴᠠᠭᠠᠨ ᠳᠤ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠨ᠎ᠡ᠃ ᠠᠵᠢᠯᠯᠠᠭ᠎ᠠ ᠳᠤ | ᠣᠷᠣᠨ ᠨᠤᠲᠤᠭ ᠤᠨ ᠰᠣᠶᠣᠯ ᠤᠷᠠᠯᠢᠭ ᠤᠨ ᠲᠣᠭᠯᠠᠯᠲᠠ᠂ ᠬᠤᠪᠢᠰᠬᠠᠯ ᠤᠨ ᠰᠣᠶᠣᠯ ᠤᠷᠠᠨ ᠰᠠᠶᠢᠬᠠᠨ ᠤ | ᠲᠣᠭᠯᠠᠯᠲᠠ᠂ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠲᠣᠭᠯᠠᠯᠲᠠ᠂ ᠵᠡᠭᠡᠯᠢ ᠭᠤᠳᠤᠮᠵᠢ ᠶᠢᠨ ᠤᠷᠠᠨ | ᠰᠠᠶᠢᠬᠠᠨ ᠤ ᠲᠣᠭᠯᠠᠯᠲᠠ ᠵᠡᠷᠭᠡ ᠶᠢ ᠪᠠᠭᠲᠠᠭᠠᠵᠤ᠂ ᠪᠤᠭᠤᠲᠤ ᠶᠢᠨ ᠠᠯᠳᠠᠨ ᠵᠡᠭᠡᠯᠢ᠂ ᠪᠤᠭᠤᠲᠤ ᠶᠢᠨ ᠤᠯᠠᠭᠠᠨ ᠵᠡᠭᠡᠯᠢ᠂ | ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ᠂ ᠬᠤᠶᠠᠷ | ᠪᠠᠯᠭᠠᠰᠤᠨ ᠤ ᠬᠥᠳᠡᠭᠡ ᠲᠣᠰᠬᠤᠨ ᠢᠶᠠᠷ ᠭᠤᠣᠯ ᠲᠠᠯᠠᠪᠤᠷ ᠪᠣᠯᠭᠠᠵᠤ᠂ ᠡᠯ᠎ᠡ ᠲᠦᠷᠦᠯ ᠤᠨ ᠠᠵᠢᠯᠯᠠᠭ᠎ᠠ ᠶᠢ 15 | ᠲᠠᠯᠠᠪᠤᠷ ᠡᠷᠬᠢᠯᠡᠵᠦ᠂ ᠠᠷᠠᠳ ᠤᠯᠠᠨ ᠳᠤ ᠴᠣ ᠰᠢᠨ᠎ᠡ ᠰᠣᠶᠣᠯ ᠤᠨ ᠣᠶᠢᠯᠠᠭᠠᠯᠲᠠ ᠶᠢ ᠠᠪᠴᠢᠷᠠᠵᠤ᠂ ᠠᠷᠠᠳ | ᠤᠯᠠᠨ ᠢ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠠᠭᠤᠷ ᠠᠮᠢᠰᠬᠤᠯ ᠳᠤ ᠮᠠᠷᠲᠠᠭᠳᠠᠰᠢ ᠦᠭᠡᠢ ᠪᠠᠶᠠᠷ ᠤᠨ | ᠡᠳᠦᠷ ᠢ ᠥᠩᠭᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ ᠡᠭᠦᠨ ᠤ ᠬᠠᠮᠲᠤ᠂ ᠳ᠋ᠦᠩ ᠾᠧ ᠲᠣᠭᠤᠷᠢᠭ ᠤᠨ ᠬᠢᠨ | ᠪᠠᠰᠠ 2025 ᠣᠨ ᠤ 1 ᠰᠠᠷ᠎ᠠ ᠶᠢᠨ 18 ᠤ ᠡᠳᠦᠷ ᠠᠴᠠ 1 ᠰᠠᠷ᠎ᠠ ᠶᠢᠨ 23 ᠤ ᠡᠳᠦᠷ ᠪᠣᠯᠲᠠᠯ᠎ᠠ ᠰᠠᠨ ᠭᠤᠸᠠᠨ | ᠮᠢᠶᠣᠣ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠶᠠᠪᠤᠵᠤ᠂ | ︽ᠰᠠᠶᠢᠬᠠᠨ ᠪᠠᠷᠠᠭᠤᠨᠰᠢ ᠨᠡᠭᠦᠳᠡᠯᠯᠡᠬᠦ ᠵᠠᠮ᠂ ᠪᠤᠭᠤᠲᠤ ᠶᠢᠨ ᠬᠤᠳᠠ ᠶᠢ ᠴᠡᠴᠡᠭᠯᠡᠭᠦᠯᠦᠨ ᠬᠥᠭᠵᠢᠭᠦᠯᠬᠦ︾ | ᠠᠩᠬᠠᠳᠤᠭᠠᠷ ᠬᠤᠭᠤᠴᠠᠭᠠᠨ ᠤ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠴᠠᠭᠠᠨ ᠰᠠᠷ᠎ᠠ ᠶᠢᠨ ᠪᠠᠷᠠᠭᠠᠨ ᠤ | ᠨᠠᠶᠢᠷ ᠢ ᠡᠷᠬᠢᠯᠡᠵᠦ᠂ ᠪᠣᠳᠠᠲᠠᠢ ᠠᠷᠭ᠎ᠠ ᠬᠡᠮᠵᠢᠶ᠎ᠡ ᠪᠠᠷ ᠪᠦᠬᠦ ᠬᠤᠳᠠ ᠶᠢᠨ ᠠᠷᠠᠳ ᠲᠦᠮᠡᠨ ᠳᠤ ᠤᠯᠠᠮᠵᠢᠯᠠᠯᠲᠤ | ᠰᠣᠶᠣᠯ ᠢ ᠪᠠᠳᠠᠷᠠᠭᠤᠯᠬᠤ᠂ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠬᠦ᠂ ᠵᠢᠯ ᠤᠨ | ᠪᠠᠶᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠶᠠᠯᠢᠭᠵᠢᠭᠤᠯᠬᠤ᠂ ᠪᠠᠶᠠᠷ ᠤᠨ ᠡᠳᠦᠷ ᠤᠨ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢᠨ ᠦᠪᠡᠳᠡᠭᠰᠢ ᠨᠠᠶᠢᠷ ᠢ ᠡᠷᠬᠢᠯᠡᠨ᠎ᠡ᠃ | ᠬᠤᠷᠠᠯ ᠳᠡᠭᠡᠷ᠎ᠡ᠂ ᠸᠠᠨ ᠯᠢ᠂ ᠵᠤᠤ ᠷᠦᠢ ᠵᠢᠶᠦ᠋ᠨ ᠵᠢᠴᠢ ᠬᠤᠳᠠ ᠶᠢᠨ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ᠂ ᠲᠣᠭᠤᠷᠢᠭ ᠤᠨ ᠬᠤᠯᠪᠣᠭᠳᠠᠯ ᠪᠦᠬᠦᠢ ᠨᠢᠭᠡᠴᠢ ᠶᠢᠨ | ᠬᠠᠷᠢᠭᠤᠴᠠᠯᠭᠠᠲᠠᠨ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠪᠥᠭᠡᠳ | ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠨᠡᠭᠡᠭᠡᠬᠦ ᠵᠢᠴᠢ ᠴᠠᠭᠠᠨ | ᠰᠠᠷ᠎ᠠ ᠶᠢᠨ ᠪᠠᠶᠠᠷ ᠤᠨ ᠬᠤᠭᠤᠴᠠᠭᠠᠨ ᠳᠤ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠲᠣᠭᠤᠷᠢᠨ ᠳᠤ | ᠶᠠᠷᠢᠯᠴᠠᠨ ᠰᠣᠯᠢᠯᠴᠠᠪᠠ᠃ ᠳᠠᠷᠠᠭ᠎ᠠ ᠨᠢ᠂ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢ ᠬᠠᠭᠤᠴᠢᠨ ᠪᠤᠭᠤᠲᠤ ᠶᠢᠨ | ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠢᠶᠠᠷ ᠬᠦᠷᠴᠦ ᠲᠤᠬᠠᠢ ᠶᠢᠨ ᠭᠠᠵᠠᠷ ᠲᠤᠨᠢ | ᠰᠤᠷᠪᠤᠯᠵᠢᠯᠠᠪᠠ᠃ | ᠬᠤᠷᠠᠯ ᠳᠤ ᠣᠷᠣᠯᠴᠠᠭᠰᠠᠨ ᠵᠠᠭᠤᠴᠢᠯᠠᠭᠤᠷ ᠤᠨ ᠰᠤᠷᠪᠤᠯᠵᠢᠯᠠᠭᠴᠢ᠂ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ | ᠲᠡᠦᠬᠡ ᠰᠣᠶᠣᠯ ᠤᠨ ᠵᠡᠭᠡᠯᠢ ᠲᠣᠭᠤᠷᠢᠭ ᠵᠢᠴᠢ ᠳ᠋ᠦᠩ ᠾᠧ ᠲᠣᠭᠤᠷᠢᠭ ᠤᠨ 2025 ᠣᠨ ᠤ ᠴᠠᠭᠠᠨ ᠰᠠᠷ᠎ᠠ ᠶᠢᠨ | ᠪᠠᠶᠠᠷ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠢᠳᠡᠪᠬᠢᠲᠡᠶ ᠪᠠᠷ ᠮᠥᠷᠳᠡᠨ ᠮᠡᠳᠡᠭᠡᠯᠡᠵᠦ᠂ ᠡᠨᠡ ᠤᠳᠠᠭᠠᠨ ᠤ | ᠡᠯᠪᠡᠭ ᠪᠠᠶᠠᠯᠢᠭ ︽ᠰᠣᠶᠣᠯ ᠤᠨ ᠶᠡᠭᠡ ᠬᠤᠭᠤᠯᠠ︾ ᠶᠢ ᠰᠠᠶᠢᠲᠤᠷ ᠤᠬᠠᠭᠤᠯᠵᠤ᠂ ᠨᠠᠩ ᠣᠯᠠᠨ ᠵᠤᠭᠠᠴᠠᠭᠰᠠᠳ ᠢ | ᠲᠠᠲᠠᠵᠤ ᠳ᠋ᠦᠩ ᠾᠧ ᠲᠣᠭᠤᠷᠢᠭ ᠲᠤ ᠢᠷᠡᠭᠦᠯᠵᠦ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ | ᠰᠣᠶᠣᠯ ᠤᠨ ᠵᠡᠭᠡᠯᠢ ᠲᠣᠭᠤᠷᠢᠭ ᠲᠤ ᠣᠶᠢᠯᠠᠭᠠᠭᠤᠯᠵᠤ᠂ ᠪᠤᠭᠤᠲᠤ ᠶᠢᠨ ᠵᠠᠩ ᠠᠭᠠᠯᠢ ᠶᠢ ᠪᠡᠶᠡᠴᠢᠯᠡᠨ | ᠣᠶᠢᠯᠠᠭᠠᠭᠤᠯᠵᠤ᠂ ᠳ᠋ᠦᠩ ᠾᠧ ᠲᠣᠭᠤᠷᠢᠭ ᠤᠨ ᠥᠪᠡᠷᠮᠢᠴᠡ ᠷᠢᠳᠢ ᠰᠢᠳᠢ ᠪᠣᠯᠤᠨ ᠰᠣᠶᠣᠯ ᠤᠨ ᠠᠭᠤᠯᠬᠤᠨ ᠢ | ᠮᠡᠳᠡᠷᠡᠭᠦᠯᠵᠦ᠂ ᠪᠠᠶᠠᠷ ᠬᠥᠷ ᠲᠠᠢ ᠥᠯᠵᠡᠶ ᠪᠡᠯᠭᠡ ᠲᠠᠢ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠨ᠎ᠠ | ᠭᠡᠵᠦ ᠢᠯᠡᠳᠬᠡᠵᠡᠭᠡᠪᠡ᠃ |