ᠨᠢᠭᠤᠴᠠ ᠶᠢ ᠬᠠᠶᠢᠵᠤ ᠪᠠᠶᠢᠨ᠎ᠠ︕ ᠪᠤᠭᠤᠲᠤ ᠶᠢᠨ ᠬᠠᠮᠤᠭ ᠰᠡᠭᠦᠯᠴᠢ ᠶᠢᠨ ᠨᠢᠭᠡᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠲᠥᠪᠯᠡᠷᠡᠭᠰᠡᠨ ᠣᠷᠣᠨ
ᠨᠡᠶᠢᠲᠡᠯᠡᠭᠰᠡᠨ ᠴᠠᠭ᠄
2025/1/16
     
     ᠠᠳᠡ ᠪᠣᠯ ᠪᠤᠭᠤᠲᠤ ᠶᠢᠨ ᠭᠠᠵᠠᠷ ᠣᠷᠣᠨ ᠤ ᠬᠠᠮᠤᠭ ᠰᠡᠭᠦᠯᠴᠢ ᠶᠢᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠬᠠᠷᠢᠴᠠᠩᠭᠤᠢ ᠪᠠᠷ ᠲᠥᠪᠯᠡᠷᠡᠭᠰᠡᠨ ᠣᠷᠣᠨ ᠪᠦᠰᠡ ᠮᠥᠨ᠂ ᠪᠤᠭᠤᠲᠤ ᠶᠢᠨ ᠤᠯᠠᠮᠵᠢᠯᠠᠯᠲᠤ ᠰᠣᠶᠣᠯ ᠤᠨ ᠪᠣᠳᠠᠰ ᠤᠨ ᠠᠴᠢᠶᠠᠯᠠᠪᠤᠷᠢ ᠪᠠ ᠴᠢᠬᠤᠯᠠ ᠰᠣᠶᠣᠯ ᠤᠨ ᠥᠪ ᠮᠥᠨ᠂ ᠳᠠᠬᠢᠨ ᠡᠭᠦᠰᠴᠦ ᠪᠣᠯᠣᠰᠢ ᠦᠭᠡᠢ ᠬᠥᠮᠦᠨ ᠰᠣᠶᠣᠯ ᠤᠨ ᠦᠵᠡᠮᠵᠢ ᠮᠥᠨ᠂ ᠦᠨᠳᠦᠰᠦᠲᠡᠨ ᠤ ᠵᠠᠩ ᠦᠢᠯᠡ ᠶᠢᠨ ᠰᠣᠶᠣᠯ ᠤᠨ ᠤᠷᠠᠯᠢᠭ ᠤᠨ ᠰᠣᠳᠣᠨ ᠪᠦᠲᠦᠭᠡᠯ ᠮᠦᠨ᠂ ᠥᠨᠥᠳᠥᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠣᠯᠢ ᠪᠢᠴᠢᠭ ᠪᠣᠯᠤᠨ᠎ᠠ᠃      ᠲᠣᠰ ᠬᠤᠭᠤᠴᠠᠭᠠᠨ ᠤ ᠪᠠᠭ᠎ᠠ ᠨᠠᠶᠢᠷᠠᠭᠤᠯᠭ᠎ᠠ      ᠣᠯᠠᠨ ᠢ ᠳᠠᠭᠠᠭᠤᠯᠤᠨ ᠲᠡᠦᠬᠡ ᠶᠢᠨ ᠤᠭ ᠦᠨᠳᠦᠰᠦ ᠶᠢ ᠨᠢ ᠡᠷᠢᠬᠦ      ᠠᠩᠬ᠎ᠠ ᠠᠯᠬᠤᠮ ᠤᠶᠢᠯᠠᠭᠠᠬᠤ      ᠠᠷᠠᠳ ᠤᠨ ᠣᠷᠣᠨ ᠰᠠᠭᠤᠴᠠ ᠲᠥᠪᠯᠡᠷᠡᠭᠰᠡᠨ ᠣᠷᠣᠨ ᠪᠦᠰᠡ ᠶᠢᠨ ᠲᠦᠢᠮᠣ ᠪᠠᠶᠢᠳᠠᠯ      ᠡᠨᠡ ᠪᠤᠯ ᠲᠠᠷᠤᠢ ᠳ᠋ᠦᠩ ᠾᠧ ᠲᠤᠭᠤᠷᠢᠭ ᠲᠤ ᠪᠤᠢ      ᠪᠠᠷᠠᠭᠤᠨᠰᠢ ᠪᠤᠭᠤᠲᠤ ᠵᠣᠣ      ᠵᠠᠭᠦᠨᠰᠢ ᠵᠤᠸᠠᠨ ᠯᠦᠩ ᠽᠠᠩ ᠯᠦᠩ ᠴᠢᠤᠸᠠᠨ ᠰᠧ   ᠲᠠᠢ      ᠭᠤᠣᠯ ᠠᠯᠤᠰᠯᠠᠨ ᠪᠠᠶᠢᠷᠢᠯᠠᠵᠤ      ︽ᠬᠦᠷᠡᠯ ᠰᠢᠯᠢ ᠰᠠᠨ ᠭᠤᠸᠠᠨ ᠮᠢᠶᠣᠣ ᠶᠢᠨ ᠣᠯᠠᠮᠵᠢᠯᠠᠯᠲᠤ ᠵᠡᠭᠡᠯᠢ ᠲᠣᠭᠤᠷᠢᠭ︾
           ᠬᠠᠭᠤᠴᠢᠨ ᠵᠡᠭᠡᠯᠢ ᠲᠣᠭᠤᠷᠢᠭ      ᠰᠠᠨ ᠭᠤᠸᠠᠨ ᠮᠢᠶᠣᠤ ᠶᠢᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠪᠣᠯ ᠬᠠᠭᠤᠴᠢᠨ ᠪᠤᠭᠤᠲᠤ ᠶᠢᠨ ᠴᠢᠩ ᠤᠯᠤᠰ ᠤᠨ ᠰᠡᠭᠦᠯᠴᠢ ᠦᠶ᠎ᠡ ᠶᠢᠨ ᠢᠷᠭᠡᠨ ᠤᠯᠤᠰ ᠤᠨ ᠦᠶ᠎ᠡ ᠶᠢᠨ ᠳᠤᠮᠳᠠᠳᠤ ᠤᠯᠤᠰ ᠤᠨ ᠪᠠᠷᠠᠭᠤᠨ ᠬᠤᠶᠢᠲᠤ ᠶᠢᠨ ᠬᠤᠳᠠᠯᠳᠤᠭᠠᠨ ᠤ ᠴᠢᠬᠤᠯᠠ ᠪᠠᠯᠭᠠᠰᠤ ᠪᠣᠯᠤᠭᠰᠠᠨ ᠲᠡᠦᠬᠡ ᠶᠢᠨ ᠵᠢᠷᠤᠭᠯᠠᠯ ᠮᠥᠨ᠂ ᠡᠯᠪᠡᠭ ᠪᠠᠶᠠᠯᠢᠭ ᠠᠭᠤᠯᠤᠭᠳᠠᠬᠤᠨ ᠪᠠ ᠦᠨ᠎ᠡ ᠥᠷᠲᠡᠭ ᠲᠠᠢ ᠶᠤᠮ᠃ ᠣᠨᠴᠠᠭᠠᠶᠢᠯᠠᠨ ᠬᠤᠶᠠᠷ ᠭᠤᠳᠤᠮᠵᠢ ᠪᠠᠷ 200 ᠮᠧᠲᠷ ᠤᠷᠲᠤ ᠭᠤᠳᠤᠮᠵᠢ ᠪᠠᠷ ᠪᠠᠷᠤᠭ ᠯᠠ ᠲᠡᠦᠬᠡ ᠶᠢᠨ ᠳᠦᠷᠰᠦ ᠪᠠᠶᠢᠳᠠᠯ ᠢᠶᠠᠨ ᠪᠦᠷᠢᠨ ᠪᠦᠲᠦᠨ ᠢᠶᠠᠷ ᠬᠠᠳᠠᠭᠠᠯᠠᠭᠳᠠᠭᠰᠠᠨ ᠪᠠᠶᠢᠨ᠎ᠠ᠃      ᠲᠡᠥᠬᠡᠨ ᠲᠦᠢᠮᠤ ᠪᠠᠶᠢᠳᠠᠯ      ᠡᠨᠡ ᠬᠦ ᠣᠷᠣᠨ ᠤ ᠤᠯᠠᠮᠵᠢᠯᠠᠯᠲᠤ ᠠᠷᠠᠳ ᠤᠨ ᠣᠷᠣᠨ ᠰᠠᠭᠤᠴᠠ ᠨᠢ ︽ᠪᠠᠷᠠᠭᠤᠨᠰᠢ ᠨᠡᠭᠦᠳᠡᠯᠯᠡᠬᠦ︾ ᠬᠥᠭᠵᠢᠨ ᠮᠠᠨᠳᠤᠭᠰᠠᠨ ᠴᠢᠩ ᠤᠯᠤᠰ ᠤᠨ ᠰᠡᠭᠦᠯᠴᠢ ᠶᠢᠨ ᠢᠷᠭᠡᠨ ᠤᠯᠤᠰ ᠤᠨ ᠦᠶ᠎ᠡ ᠳᠤ ᠱᠠᠨ ᠰᠢ᠂ ᠱᠠᠨᠰᠢ᠂ ᠾᠧᠪᠸᠢ ᠵᠡᠷᠭᠡ ᠭᠠᠵᠠᠷ ᠠᠴᠠ ᠢᠷᠡᠭᠰᠡᠨ ᠬᠤᠳᠠᠯᠳᠤᠭᠠᠴᠢᠳ ᠠᠷᠠᠯᠵᠢᠶ᠎ᠠ ᠮᠠᠶᠢᠮᠠᠶ ᠬᠢᠬᠦ ᠶᠢᠨ ᠬᠠᠮᠲᠤ ᠲᠡᠳᠡᠨ ᠤ ᠳᠡᠭᠡᠳᠦᠰ ᠤᠨ ᠰᠠᠭᠤᠴᠠ ᠶᠢᠨ ᠪᠠᠷᠢᠯᠭ᠎ᠠ ᠶᠢᠨ ᠬᠡᠯᠪᠡᠷᠢ ᠪᠠ ᠪᠠᠷᠢᠵᠤ ᠪᠠᠶᠢᠭᠤᠯᠬᠤ ᠠᠷᠭ᠎ᠠ ᠬᠡᠯᠪᠡᠷᠢ ᠶᠢ ᠠᠪᠴᠢᠷᠠᠭᠰᠠᠨ ᠪᠠᠶᠢᠨ᠎ᠠ᠃ ᠡᠭᠦᠨ ᠳᠤ ᠱᠠᠨ ᠰᠢ ᠶᠢᠨ ᠬᠤᠳᠠᠯᠳᠤᠭᠠᠴᠢᠳ ᠬᠠᠷᠢᠴᠠᠯᠠᠰᠢᠭᠦᠢ ᠳᠠᠪᠠᠭᠤᠯᠢᠭ ᠪᠠᠶᠢᠷᠢ ᠶᠢ ᠡᠵᠡᠯᠡᠵᠦ ᠪᠠᠶᠢᠭ᠎ᠠ ᠪᠣᠯᠬᠤᠷ ᠡᠳᠡᠭᠡᠷ ᠣᠷᠣᠨ ᠰᠠᠭᠤᠴᠠ ᠨᠢ ᠢᠯᠡᠷᠬᠡᠢ ᠪᠠᠷᠢᠯᠭ᠎ᠠ ᠶᠢᠨ ᠬᠡᠪ ᠨᠠᠮᠪᠠ ᠲᠠᠢ ᠪᠣᠯᠵᠠᠢ᠃ ᠪᠠᠰᠠ ᠪᠤᠭᠤᠲᠤ ᠶᠢᠨ ᠥᠪᠡᠷᠮᠢᠴᠡ ᠨᠡᠶᠢᠭᠡᠮ ᠪᠠ ᠭᠠᠵᠠᠷ ᠵᠦᠶ ᠶᠢᠨ ᠣᠷᠴᠢᠨ ᠲᠣᠭᠤᠷᠢᠨ ᠤ ᠨᠥᠯᠥᠭᠡᠯᠡᠯ ᠢ ᠬᠦᠷᠲᠡᠵᠦ᠂ ᠲᠣᠰ ᠭᠠᠵᠠᠷ ᠣᠷᠣᠨ ᠤ ᠣᠨᠴᠠᠯᠢᠭ ᠲᠠᠢ ᠶᠤᠮ᠃      ᠲᠤᠰ ᠤᠯᠠᠮᠵᠢᠯᠠᠯᠲᠤ ᠵᠡᠭᠡᠯᠢ ᠲᠣᠭᠤᠷᠢᠭ ᠨᠢ 2013 ᠣᠨ ᠠᠴᠠ ᠡᠬᠢᠯᠡᠭᠰᠡᠨ ᠬᠦᠷᠡᠯ ᠰᠢᠯᠢ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠨᠡᠭᠦᠯᠭᠡᠨ ᠥᠭᠡᠷᠡᠴᠢᠯᠡᠬᠦ ᠳᠤᠮᠳᠠ ᠬᠤᠪᠢᠶᠠᠷᠢᠯᠠᠨ ᠲᠣᠭᠲᠠᠭᠠᠵᠤ᠂ ᠬᠠᠭᠤᠴᠢᠨ ᠪᠤᠭᠤᠲᠤ ᠶᠢᠨ ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢ ᠬᠠᠮᠠᠭᠠᠯᠠᠬᠤ ᠪᠠᠷ ᠭᠤᠣᠯ ᠵᠣᠷᠢᠯᠭ᠎ᠠ ᠪᠣᠯᠭᠠᠵᠤ᠂ ᠰᠣᠶᠣᠯ ᠤᠨ ᠳᠤᠷᠠᠰᠤᠮᠵᠢ ᠶᠢ ᠦᠯᠡᠳᠡᠭᠡᠵᠦ᠂ ᠬᠤᠲᠠ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ᠎ᠡ᠃
     ᠠᠷᠠᠳ ᠤᠨ ᠣᠷᠣᠨ ᠰᠠᠭᠤᠴᠠ ᠶᠢᠨ ᠲᠣᠭᠤᠰᠭ᠎ᠠ ᠰᠡᠢᠯᠦᠮᠡᠯ ᠵᠠᠰᠠᠯ ᠴᠢᠮᠡᠭᠯᠡᠯ
     ᠠᠷᠠᠳ ᠤᠨ ᠣᠷᠣᠨ ᠰᠠᠭᠤᠴᠠ ᠶᠢᠨ ᠭᠤᠣᠯ ᠨᠢᠷᠤᠭᠤ ᠶᠢ ᠣᠷᠢᠶᠠᠭᠰᠠᠨ ᠮᠠᠨᠳᠠᠷᠠᠸ᠎ᠠ ᠴᠡᠴᠡᠭ᠂ ᠤᠳᠪᠠᠯᠠ ᠴᠡᠴᠡᠭ ᠵᠡᠷᠭᠡ ᠴᠡᠴᠡᠭ ᠬᠤᠸᠠᠷ ᠤᠨ ᠲᠣᠭᠤᠰᠬᠠᠨ ᠰᠡᠶᠢᠯᠦᠮᠡᠯ      ᠠᠷᠠᠳ ᠤᠨ ᠣᠷᠣᠨ ᠰᠠᠭᠤᠴᠠ ᠶᠢᠨ ᠥᠢᠯᠡᠳᠦᠯ      ᠰᠠᠨ ᠭᠤᠸᠠᠨ ᠮᠢᠶᠣᠣ ᠶᠢᠨ ᠣᠯᠠᠮᠵᠢᠯᠠᠯᠲᠤ ᠠᠷᠠᠳ ᠤᠨ ᠰᠠᠭᠤᠴᠠ ᠱᠠᠨ ᠰᠢ ᠶᠢᠨ ᠳᠥᠷᠪᠡᠨ ᠲᠠᠯᠠᠯᠠᠭᠰᠠᠨ ᠬᠦᠷᠢᠶ᠎ᠡ ᠶᠢᠨ ᠪᠠᠶᠢᠷᠢᠰᠢᠭᠤᠯᠤᠯᠲᠠ ᠪᠠ ᠥᠨᠳᠥᠷ ᠬᠦᠷᠢᠶᠡᠨ ᠤ ᠬᠡᠷᠡᠮ ᠤᠨ ᠣᠯᠠᠮᠵᠢᠯᠠᠯ ᠢ ᠳᠠᠭᠠᠵᠤ᠂ ᠲᠣᠰ ᠭᠠᠵᠠᠷ ᠤᠨ ᠠᠭᠤᠷ ᠠᠮᠢᠰᠬᠤᠯ ᠳᠤ ᠵᠣᠬᠢᠴᠠᠬᠤ ᠶᠢᠨ ᠲᠥᠯᠥᠭᠡ᠂ ᠰᠠᠯᠬᠢ ᠶᠢ ᠬᠠᠯᠬᠠᠯᠠᠨ ᠬᠦᠢᠲᠡᠨ ᠢ ᠬᠤᠷᠢᠭᠯᠠᠬᠤ᠂ ᠦᠶᠡᠷ ᠢ ᠰᠡᠷᠭᠡᠶᠢᠯᠡᠨ ᠤᠰᠤ ᠳᠠᠲᠠᠷᠠᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ ᠭᠡᠷ ᠪᠠᠶᠢᠰᠢᠩ ᠢ ᠪᠠᠶᠢᠭᠤᠯᠬᠤ ᠠᠴᠠ ᠡᠮᠦᠨ᠎ᠡ ᠥᠨᠳᠥᠷ ᠠᠷᠤᠨᠰᠢ ᠨᠠᠯᠠᠤ ᠭᠠᠵᠠᠷ ᠪᠣᠯᠭᠠᠪᠠ᠃ ᠪᠠᠷᠢᠯᠭ᠎ᠠ ᠨᠢ ᠰᠢᠷᠣᠢ ᠶᠢᠨ ᠬᠡᠷᠡᠮ ᠮᠣᠳᠤᠨ ᠵᠢᠶᠠᠰᠠ ᠪᠣᠰᠬᠠᠵᠤ᠂ ᠨᠢᠷᠤᠭᠤ ᠶᠢ ᠨᠢ ᠳᠠᠮᠨᠠᠨ ᠤᠷᠠᠯᠠᠵᠠᠢ᠃ ᠬᠡᠷᠡᠮ ᠨᠢ ᠰᠢᠷᠤᠢ ᠶᠢᠨ ᠬᠡᠷᠡᠮ ᠤᠨ ᠭᠠᠳᠠᠨ᠎ᠠ ᠴᠡᠩᠭᠡᠷ ᠲᠣᠭᠤᠰᠬ᠎ᠠ  ᠳᠠᠭᠠᠭᠠᠴᠢᠯᠠᠭᠤᠯᠤᠭᠰᠠᠨ ︽ᠭᠠᠳᠠᠨ᠎ᠠ ᠳᠣᠲᠣᠷ᠎ᠠ ᠠᠳᠠᠯᠢ ᠦᠭᠡᠢ︾ ᠠᠷᠭ᠎ᠠ ᠪᠠᠷ ᠳᠤᠯᠠᠭᠠᠯᠠᠭ᠎ᠠ ᠶᠢ ᠴᠢᠩᠭᠠᠳᠬᠠᠳᠠᠭ᠃ ᠪᠤᠭᠤᠲᠤ ᠶᠢᠨ ᠭᠠᠵᠠᠷ ᠠᠭᠤᠳᠠᠮ ᠬᠥᠮᠦᠨ ᠰᠡᠶᠢᠷᠡᠭ ᠪᠣᠯᠬᠤᠷ ᠬᠦᠷᠢᠶ᠎ᠡ ᠬᠠᠰᠢᠶ᠎ᠠ᠂ ᠭᠤᠣᠯ ᠭᠡᠷ ᠵᠡᠷᠭᠡ ᠨᠡᠯᠢᠶᠡᠳ ᠶᠡᠭᠡ᠂ ᠶᠡᠭᠡ ᠬᠦᠷᠢᠶ᠎ᠡ ᠬᠠᠰᠢᠶ᠎ᠠ ᠨᠢ ᠭᠡᠷ ᠪᠦᠯᠢ ᠪᠠᠷ ᠨᠢᠭᠡᠴᠢ ᠪᠣᠯᠭᠠᠭᠰᠠᠨ ᠭᠠᠷ ᠦᠢᠯᠡᠳᠬᠡᠯ ᠤᠨ ᠭᠠᠵᠠᠷ ᠪᠠᠶᠢᠷᠢᠯᠠᠭᠤᠯᠬᠤ ᠳᠤ ᠲᠣᠬᠢᠷᠠᠮᠵᠢᠲᠠᠶ ᠪᠣᠯᠬᠤᠷ ᠥᠨᠳᠥᠷ ᠲᠣᠮᠣ ᠡᠭᠦᠳᠡᠨ ᠠᠭᠤᠢ ᠨᠢ ᠴᠦ ᠲᠡᠷᠭᠡ ᠤᠨᠤᠭ᠎ᠠ ᠶᠢᠨ ᠣᠷᠣᠵᠤ ᠭᠠᠷᠬᠤ ᠳᠤ ᠴᠤ ᠠᠰᠢᠭᠲᠠᠶ ᠪᠠᠶᠢᠳᠠᠭ᠃ ᠡᠳᠡᠭᠡᠷ ᠪᠠᠶᠢᠷᠢᠯᠠᠭᠤᠯᠤᠯᠲᠠ ᠪᠣᠯᠤᠨ ᠲᠣᠭᠲᠠᠴᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠴᠢᠨᠠᠷ ᠨᠢ ᠥᠨᠥᠳᠦᠷ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠲᠣᠯᠢ ᠪᠣᠯᠭᠠᠬᠤ ᠠᠴᠢ ᠬᠤᠯᠪᠣᠭᠳᠠᠯ ᠲᠠᠢ ᠶᠤᠮ᠃
     ᠢᠯᠠᠷᠬᠡᠶᠢᠯᠡᠯ ᠳᠤ ︽ᠡᠯᠢᠶ᠎ᠡ ᠨᠢᠰᠴᠦ ᠵᠢᠭᠠᠰᠤ ᠦᠰᠦᠷᠬᠦ︾ ᠭᠡᠰᠡᠨ ᠦᠰᠦᠭ ᠲᠠᠢ᠂ ᠦᠨᠳᠦᠷ ᠬᠡᠷᠡᠮ ᠲᠡᠭᠡᠷ᠎ᠡ ᠨᠢ ︽ᠥᠯᠵᠡᠢ︾ ᠭᠡᠰᠡᠨ ᠦᠰᠦᠭ ᠲᠠᠢ ᠬᠤᠸᠠᠷ ᠤᠨ ᠬᠦᠷᠢᠶ᠎ᠡ ᠲᠠᠢ᠃      ᠤᠯᠠᠮᠵᠢᠯᠠᠯᠲᠤ ᠠᠷᠠᠳ ᠤᠨ ᠣᠷᠣᠨ ᠰᠠᠭᠤᠴᠠ ᠶᠢᠨ ᠲᠣᠭᠤᠰᠬ᠎ᠠ ᠪᠣᠯᠭᠠᠨ ᠳᠤ ᠦᠯᠢᠭᠡᠷ ᠲᠠᠢ      ᠠᠬᠠᠮᠠᠳ ᠦᠶ᠎ᠡ ᠶᠢᠨ ᠣᠢ ᠪᠢᠯᠢᠭ ᠢ ᠢᠯᠡᠷᠡᠭᠦᠯᠵᠦ      ᠠᠳᠡ ᠢᠷᠡᠵᠦ ᠲᠣᠭᠤᠷᠢᠬᠤ ᠳᠤ      ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠮᠡᠳᠡᠷᠡᠬᠦ      ᠲᠠ ᠡᠨᠡ ᠰᠠᠭᠤᠷᠢ ᠵᠤᠵᠠᠭᠠᠨ ᠬᠤᠲᠠᠨ ᠳᠤ      ᠤᠯᠠᠮ ᠢᠯᠡᠬᠦᠦ ᠬᠠᠶᠢᠷᠠᠲᠠᠢ ᠪᠣᠯᠣᠨ᠎ᠠ᠃  
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1