ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠦᠢᠯᠡᠰᠵᠢᠯᠲᠡ ᠪᠠ ᠣᠳᠣᠬᠢᠴᠢᠯᠠᠯᠲᠠ ᠶᠢ ᠤᠯᠠᠮ | ᠨᠢᠭᠡ ᠠᠯᠬᠤᠮ ᠠᠬᠢᠭᠤᠯᠬᠤ ᠶᠢᠨ ᠲᠥᠯᠥᠭᠡ᠂ ᠨᠠᠰᠤᠲᠠᠶᠢᠴᠤᠳ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠨᠠᠩ ᠣᠯᠠᠨ ᠨᠠᠰᠤᠲᠠᠶᠢᠴᠤᠳ ᠢ ︽ᠨᠠᠰᠤᠵᠢᠯ ᠤᠨ ᠠᠰᠠᠷᠠᠮᠵᠢ︾ ᠠᠴᠠ ︽ ᠨᠠᠰᠤᠵᠢᠯ ᠢ ᠡᠳ᠋ᠯᠡᠬᠦ | ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠂ ᠣᠶᠢᠷ᠎ᠠ ᠳᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠯᠧ ᠹᠦ᠋ | ᠬᠥᠷᠰᠢ ᠵᠡᠷᠭᠡᠯᠡᠳᠡᠭᠡ · ᠮᠥᠩᠭᠦᠨ ᠨᠠᠰᠤᠨ ᠤ ᠠᠮᠢᠳᠤᠷᠠᠯ ᠤᠨ ᠣᠷᠳᠣᠨ ᠵᠢᠩᠬᠢᠨᠢ ᠪᠠᠷ ᠠᠰᠢᠭᠯᠠᠯᠲᠠ ᠳᠤ ᠣᠷᠣᠪᠠ᠃ | | ᠲᠣᠰ ᠲᠥᠷᠥᠯ ᠵᠦᠢᠯ ᠪᠣᠯ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠬᠦᠴᠦᠯᠡᠨ ᠴᠢᠷᠮᠠᠶᠢᠵᠤ ᠪᠠᠶᠢᠭ᠎ᠠ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ | ᠲᠠᠪᠴᠠᠩ ᠮᠥᠨ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠨᠡᠶᠢᠭᠡᠮ ᠤᠨ ᠬᠠᠷᠢᠭᠤᠴᠠᠯᠭ᠎ᠠ ᠪᠠᠨ | ᠭᠦᠢᠴᠡᠳᠬᠡᠬᠦ᠂ ᠬᠤᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠠᠮᠢᠳᠤᠯᠢᠭ ᠦᠢᠯᠡᠳᠦᠯᠭᠡ ᠮᠥᠨ᠃ | ᠠᠮᠢᠳᠤᠷᠠᠯ ᠤᠨ ᠣᠷᠳᠣᠨ ︽ᠬᠥᠮᠦᠨ ᠢᠶᠠᠷ ᠦᠨᠳᠦᠰᠦ ᠪᠣᠯᠭᠠᠵᠤ᠂ ᠦᠢᠯᠡᠴᠢᠯᠡᠭᠡ ᠶᠢ ᠳᠡᠭᠡᠳᠦᠯᠡᠬᠦ︾ | ᠣᠶᠢᠯᠠᠭᠠᠭᠳᠠᠬᠤᠨ ᠢ ᠪᠠᠷᠢᠮᠲᠠᠯᠠᠵᠤ᠂ ᠦᠢᠯᠡᠴᠢᠯᠡᠭᠡᠨ ᠤ ᠵᠠᠭᠪᠤᠷ ᠢᠶᠠᠨ ᠲᠠᠰᠤᠷᠠᠯᠲᠠ ᠥᠬᠡᠶ ᠰᠢᠨᠡᠴᠢᠯᠡᠵᠦ᠂ | ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠰᠤᠲᠠᠶᠢᠴᠤᠳ ᠲᠤ ᠨᠠᠩ ᠪᠥᠬᠦ ᠲᠠᠯ᠎ᠠ ᠶᠢᠨ᠂ ᠴᠢᠨᠠᠷ | ᠰᠠᠶᠢᠲᠠᠶ᠂ ᠳᠥᠭᠦᠮ ᠳᠥᠲᠡ ᠦᠢᠯᠡᠴᠢᠯᠡᠭᠡ ᠬᠠᠩᠭᠠᠬᠤ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠴᠡᠭ ᠢᠶᠠᠷ ᠪᠦᠬᠦ ᠲᠠᠯ᠎ᠠ ᠶᠢ | ᠥᠷᠭᠡᠳᠬᠡᠵᠦ᠂ ᠨᠡᠶᠢᠳᠡᠮ ᠢᠶᠠᠷ ᠪᠦᠬᠦ ᠲᠠᠯ᠎ᠠ ᠶᠢ ᠳᠠᠶᠢᠴᠢᠯᠠᠵᠤ᠂ 13 ᠮᠥᠩᠭᠦᠨ ᠨᠠᠰᠤᠨ ᠤ ᠦᠢᠯᠡᠴᠢᠯᠡᠭᠡᠨ ᠤ | ᠲᠥᠪ ᠢ ᠪᠠᠶᠢᠭᠤᠯᠵᠤ᠂ ᠪᠠᠲᠤ ᠪᠠᠬᠢ ᠮᠥᠩᠭᠦᠨ ᠨᠠᠰᠤᠨ ᠤ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠵᠦ᠂ ᠲᠤᠰ | ᠭᠠᠵᠠᠷ ᠣᠷᠣᠨ ᠤ ᠪᠠᠨ ᠨᠡᠩ ᠥᠷᠭᠡᠨ ᠳᠡᠯᠭᠡᠷ᠂ ᠨᠡᠩ ᠪᠠᠭᠲᠠᠭᠠᠮᠵᠢᠲᠠᠢ ᠮᠥᠩᠭᠦᠨ ᠨᠠᠰᠤᠨ ᠤ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ | |