1 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠲᠣᠭᠤᠷᠢᠭ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯ ᠤᠨ ᠨᠢᠭᠡᠳᠦᠭᠡᠷ᠂ ᠳᠥᠷᠪᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ᠃ | ᠶᠠᠷᠢᠯᠴᠠᠬᠤ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠲᠣᠭᠤᠷᠢᠨ ᠳᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠦᠨᠳᠦᠰᠦᠨ | ᠱᠠᠲᠤᠨ ᠤ ᠵᠠᠰᠠᠯᠲᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠬᠦ᠂ | ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ᠂ ᠰᠤᠷᠭᠠᠨ | ᠬᠥᠮᠦᠵᠢᠯ ᠵᠡᠷᠭᠡ ᠲᠠᠯ᠎ᠠ ᠪᠠᠷ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ | ᠮᠠᠰᠢ ᠬᠦᠷ ᠬᠥᠭᠵᠢᠶᠡᠨ ᠲᠠᠢ ᠪᠠᠶᠢᠯ᠎ᠠ᠃ ᠤᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠠᠭᠤᠯᠭ᠎ᠠ ᠪᠦᠬᠦ ᠲᠠᠯ᠎ᠠ ᠶᠢᠨ᠂ ᠲᠤᠭ᠎ᠠ ᠪᠠᠷᠢᠮᠲᠠ ᠨᠠᠷᠢᠨ ᠪᠣᠳᠠᠲᠠᠢ᠂ ᠭᠤᠣᠯᠳᠠᠯᠭ᠎ᠠ ᠲᠤᠪᠤᠶᠢᠮ᠎ᠠ ᠪᠠᠶᠢᠵᠤ᠂ ᠤᠯᠤᠰ | ᠲᠦᠷᠦ ᠶᠢᠨ ᠵᠣᠭᠰᠣᠴᠠ ᠥᠨᠳᠥᠷ᠂ ᠬᠥᠭᠵᠢᠯᠲᠡ ᠶᠢᠨ ᠠᠷᠭ᠎ᠠ ᠬᠡᠮᠵᠢᠶ᠎ᠡ ᠬᠦᠴᠦᠲᠡᠢ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠴᠢᠨᠠᠷ ᠰᠠᠶᠢᠲᠠᠢ ᠮᠡᠳᠡᠭᠦᠯᠦᠯᠲᠡ ᠪᠣᠯᠤᠨ᠎ᠠ ᠭᠡᠵᠦ ᠰᠠᠨᠠᠯ ᠨᠢᠭᠡᠲᠡᠢ ᠦᠵᠡᠪᠡ᠃ ᠸᠠᠩ ᠷᠦᠢ ᠾᠧ ᠳ᠋ᠦᠩ | ᠪᠠᠯᠭᠠᠰᠤ᠂ ᠰᠠᠷᠠᠴᠢᠨ ᠪᠠᠯᠭᠠᠰᠤ ᠪᠣᠯᠤᠨ ᠰᠤᠷᠭᠠᠨ ᠬᠥᠮᠦᠵᠢᠯ ᠤᠨ ᠰᠢᠰᠲ᠋ᠧᠮ ᠠᠴᠠ ᠢᠷᠡᠭᠰᠡᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠪᠠᠶᠢᠨ ᠪᠠᠶᠢᠨ ᠯᠠᠪᠯᠠᠨ ᠠᠰᠠᠭᠤᠵᠤ᠂ ᠤᠯᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠸᠠᠩ ᠷᠦᠢ ᠬᠡᠯᠡᠬᠦ ᠳᠡᠭᠡᠨ᠂ ᠾᠧ ᠳ᠋ᠦᠩ | ᠪᠠᠯᠭᠠᠰᠤ᠂ ᠰᠠᠷᠠᠴᠢᠨ ᠪᠠᠯᠭᠠᠰᠤ ᠨᠢ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ | ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠠᠵᠤ ᠦᠢᠯᠡᠰ | ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ | ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ︽ | ᠲᠠᠪᠤ ᠶᠢ ᠬᠥᠭᠵᠢᠭᠦᠯᠦᠨ ᠮᠠᠨᠳᠤᠭᠤᠯᠬᠤ︾ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠣᠷᠣᠨ ᠤ ᠠᠵᠤ ᠠᠬᠤᠢ ᠪᠠ | ᠨᠡᠶᠢᠭᠡᠮ ᠤᠨ ᠦᠢᠯᠡᠰ ᠤᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠡᠷᠡᠭᠦᠯ ᠢᠶᠠᠷ ᠬᠥᠭᠵᠢᠬᠦ ᠳᠤ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠰᠠᠭᠤᠷᠢᠨ ᠭᠠᠵᠠᠷ ᠤᠨ ᠬᠡᠪᠴᠢᠶᠡᠵᠢᠭᠦᠯᠦᠯᠲᠡ᠂ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ᠂ ᠲᠣᠨᠤᠭ ᠲᠥᠬᠦᠭᠡᠷᠦᠮᠵᠢ ᠶᠢᠨ ᠤᠶᠤᠨᠴᠢᠯᠠᠯᠲᠠ᠂ ᠦᠢᠯᠡᠳᠬᠦᠨ ᠤ ᠨᠡᠷᠡᠲᠦ | ᠲᠡᠮᠳᠡᠭᠵᠢᠭᠦᠯᠦᠯᠲᠡ᠂ ᠡᠵᠡᠩᠨᠡᠯᠲᠡ ᠶᠢᠨ ᠠᠵᠤ ᠦᠢᠯᠡᠰᠵᠢᠯᠲᠡ᠂ ᠵᠠᠬ᠎ᠠ ᠳᠡᠯᠭᠡᠭᠦᠷ ᠤᠨ ᠮᠡᠳᠡᠭᠡ ᠵᠠᠩᠭᠢᠴᠢᠯᠠᠯᠲᠠ ᠶᠢᠨ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠢᠯ | ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠷᠭᠡᠵᠢᠯ ᠤᠨ ᠵᠢᠯᠣᠭᠤᠳᠤᠯᠭ᠎ᠠ ᠶᠢ | ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ ᠵᠢᠷᠤᠮᠵᠢᠭᠰᠠᠨ᠂ ᠪᠠᠷᠢᠮᠵᠢᠶᠠᠵᠢᠭᠰᠠᠨ᠂ ᠰᠢᠨᠵᠢᠯᠡᠬᠦ | ᠤᠬᠠᠭᠠᠨᠴᠢᠯᠠᠭᠰᠠᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠬᠢ ᠪᠤᠶᠢᠵᠢᠭᠤᠯᠬᠤ᠂ | ᠳᠠᠷᠢᠬᠤ ᠠᠴᠠ ᠡᠳ᠋ᠰᠢᠭᠦᠯᠬᠦ᠂ ᠪᠣᠷᠣᠯᠠᠭᠤᠯᠬᠤ ᠬᠦᠷᠲᠡᠯᠡᠬᠢ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠶᠡᠭᠡ ᠪᠠᠷ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠤ ᠣᠷᠳᠣ ᠬᠤᠭᠤᠴᠠᠭ᠎ᠠ ᠪᠠᠷ | ᠪᠣᠷᠣᠯᠠᠭᠤᠯᠭ᠎ᠠ ᠰᠠᠶᠢᠲᠠᠶ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ | ᠬᠡᠷᠡᠭᠲᠡᠶ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠵᠠᠩ ᠳᠠᠳᠬᠠᠯ ᠢ | ᠥᠭᠡᠷᠡᠴᠢᠯᠡᠬᠦ ᠶᠢ ᠭᠦᠨᠵᠡᠭᠡᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ | ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠵᠤ᠂ ᠰᠠᠭᠤᠭᠠᠯᠢ | ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ | ᠸᠠᠩ ᠷᠦᠢ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ | ᠪᠣᠳᠣᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ︾ ᠬᠠᠷᠠᠯᠲᠠ ᠶᠢᠨ ᠲᠣᠭᠤᠷᠢᠨ ᠳᠤ᠂ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠴᠥᠬᠦᠷᠡᠰᠢ ᠦᠭᠡᠢ | ᠭᠦᠨᠵᠡᠭᠡᠶᠢᠷᠡᠭᠦᠯᠬᠦ ᠪᠠ ︽ᠬᠤᠶᠠᠷ ᠡᠩᠨᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠥᠮᠦᠨ | ᠬᠥᠮᠦᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠹᠷᠣᠨᠲ ᠠᠴᠠ ᠢᠷᠡᠵᠦ᠂ | ᠪᠦᠬᠦ ᠲᠤᠭᠤᠷᠢᠭ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ ᠪᠠᠶᠢᠨ᠎ᠠ᠂ | ᠤᠯᠠᠨ ᠢᠶᠠᠷ ᠢᠶᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠲᠤᠭᠤᠷᠢᠭ ᠤᠨ ᠶᠡᠭᠡ ᠲᠠᠯ᠎ᠠ ᠠᠴᠠ ᠪᠣᠳᠣᠯᠬᠢᠯᠠᠨ᠂ ᠠᠷᠠᠳ ᠲᠦᠮᠡᠨ ᠤ | ᠠᠰᠢᠭ ᠲᠤᠰᠠ ᠠᠴᠠ ᠡᠭᠦᠰᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠪᠦᠬᠦ ᠲᠠᠯ᠎ᠠ ᠳᠤ ᠬᠤᠯᠪᠣᠭᠳᠠᠬᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠬᠤ᠂ ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ | ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ︽ᠳ᠋ᠦᠩ ᠾᠧ ᠶᠢᠨ ᠰᠦᠷ ᠵᠢᠪᠬᠤᠯᠠᠩᠲᠤ ᠰᠤᠷᠲᠠᠯ ᠢ ᠲᠠᠬᠢᠨ | ᠮᠠᠨᠳᠤᠭᠤᠯᠵᠤ᠂ ᠥᠩᠭᠡᠷᠡᠭᠰᠡᠨ ᠤ ᠬᠥᠭᠵᠢᠶᠡᠨ ᠨᠠᠷᠭᠢᠶᠠᠨ ᠲᠠᠢ︾ ᠳᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ | ᠲᠣᠭᠤᠷᠢᠭ ᠤᠨ ᠤᠳᠤᠷᠢᠳᠤᠯᠭ᠎ᠠ ᠸᠠᠩ ᠵᠢᠶᠠᠨ ᠫᠢᠩ᠂ ᠸᠠᠨ ᠯᠢ᠂ ᠵᠤᠤ ᠯᠢ ᠰᠢᠶᠠ᠂ ᠰᠦᠨ ᠰᠢ ᠯᠢᠨ | ᠶᠠᠷᠢᠯᠴᠠᠭ᠎ᠠ ᠳᠤ ᠣᠷᠣᠯᠴᠠᠪᠠ᠃ |