ᠶᠠᠩ ᠭᠧ ᠯᠧᠩ ᠵᠡᠭᠡᠯᠢ ᠭᠤᠳᠤᠮᠵᠢ ᠶᠢᠨ ᠬᠠᠷᠢᠯᠴᠠᠨ ᠦᠵᠡᠵᠦ ᠬᠠᠷᠢᠯᠴᠠᠨ ᠰᠤᠷᠤᠯᠴᠠᠵᠤ ︽ᠬᠠᠮᠲᠤᠷᠠᠨ︾ ᠠᠯᠬᠤᠮ ᠳᠠᠪᠰᠢᠵᠤ ᠲᠤᠷᠰᠢᠯᠭ᠎ᠠ ᠪᠠᠨ ᠰᠣᠯᠢᠯᠴᠠᠪᠠ
ᠨᠡᠶᠢᠲᠡᠯᠡᠭᠰᠡᠨ ᠴᠠᠭ᠄
2025/1/3
   ᠨᠡᠶᠢᠭᠡᠮ ᠲᠣᠭᠤᠷᠢᠭ ᠤᠨ ᠠᠵᠢᠯᠲᠠᠨ ᠤ ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ ᠂ ᠦᠨᠳᠦᠰᠦᠨ ᠱᠠᠲᠤᠨ ᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠷᠢᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠶᠠᠩ ᠭᠧ ᠯᠢᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ 7 ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ︽ᠬᠠᠷᠢᠯᠴᠠᠨ ᠦᠵᠡᠵᠦ ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ︾ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠲᠣᠭᠤᠷᠢᠨ ᠦᠵᠡᠬᠦ ᠳᠤᠭᠤᠶᠢᠯᠠᠩ ᠤᠨ  ᠤᠷᠢᠳ ᠬᠤᠵᠢᠳ ᠠᠨ ᠵᠢᠤᠢ ᠨᠡᠶᠢᠭᠡᠮ ᠲᠣᠭᠤᠷᠢᠭ᠂ ᠨᠠᠨ ᠵᠢᠶᠠ ᠶᠤᠸᠠᠨ ᠨᠡᠶᠢᠭᠡᠮ ᠲᠣᠭᠤᠷᠢᠭ᠂ ᠵᠡᠭᠦᠨ ᠣᠪᠣᠭ᠎ᠠ ᠨᠡᠶᠢᠭᠡᠮ ᠲᠣᠭᠤᠷᠢᠭ᠂ ᠰᠢᠨ ᠭᠤᠸᠠᠩ ᠨᠡᠶᠢᠭᠡᠮ ᠲᠣᠭᠤᠷᠢᠭ᠂ ᠯᠦᠩ ᠴᠧᠩ ᠨᠡᠶᠢᠭᠡᠮ ᠲᠣᠭᠤᠷᠢᠭ᠂ ᠮᠠᠨᠳᠤᠬᠤ ᠨᠡᠶᠢᠭᠡᠮ ᠲᠣᠭᠤᠷᠢᠭ ᠲᠤ ᠬᠦᠷᠴᠦ᠂ ︽ᠲᠤᠬᠠᠶ ᠶᠢᠨ ᠭᠠᠵᠠᠷ ᠲᠤᠨᠢ ᠶᠠᠪᠤᠬᠤ︾ ︽ᠲᠠᠶᠢᠯᠤᠮᠵᠢ ᠶᠢ ᠰᠣᠨᠣᠰᠬᠤ︾ ︽ᠰᠤᠷᠤᠯᠴᠠᠬᠤ ᠠᠷᠭ᠎ᠠ︾ ᠶᠢ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠣᠯᠢᠯᠴᠠᠨ ᠰᠤᠷᠤᠯᠴᠠᠪᠠ᠃ ᠲᠣᠭᠤᠷᠢᠨ ᠦᠵᠡᠬᠦ ᠶᠠᠪᠤᠴᠠ ᠳᠤ᠂ ᠤᠯᠠᠨ ᠢᠶᠠᠷ ᠢᠶᠠᠨ ᠨᠢᠭᠡ ᠵᠠᠮ ᠦᠨᠡᠯᠡᠵᠦ᠂ ᠨᠢᠭᠡ ᠵᠠᠮ ᠶᠠᠷᠢᠯᠴᠠᠵᠤ᠂ ᠰᠤᠷᠤᠯᠴᠠᠭᠰᠠᠨ ᠣᠯᠤᠯᠲᠠ ᠪᠠᠨ ᠠᠭᠤᠵᠢᠷᠠᠲᠠᠯ᠎ᠠ ᠶᠠᠷᠢᠯᠴᠠᠵᠤ᠂ ᠣᠯᠤᠯᠲᠠ ᠲᠦᠷᠦᠭᠳᠡᠯ ᠢᠶᠠᠨ ᠰᠣᠯᠢᠯᠴᠠᠪᠠ᠃ ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠠᠮᠵᠢᠭᠤᠯᠤᠨ᠂ ᠬᠠᠷᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠵᠣᠷᠢᠭ ᠰᠠᠨᠠᠭ᠎ᠠ ᠪᠠᠨ ᠬᠥᠭᠵᠢᠭᠡᠨ᠂ ᠨᠡᠶᠢᠭᠡᠮ ᠲᠣᠭᠤᠷᠢᠭ ᠤᠨ ᠠᠵᠢᠯᠲᠠᠳ ᠤᠨ ᠵᠣᠷᠢᠭᠲᠠᠶ ᠪᠠᠷ ᠲᠦᠷᠦᠭᠦᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1