ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ | ᠬᠤᠳᠠᠯᠳᠤᠭᠠᠴᠢᠨ ᠤ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠡᠭᠦᠳᠡᠯ ᠬᠤᠳᠠᠯᠳᠤᠭᠠᠴᠢᠨ ᠤ ᠵᠠᠮ | ᠡᠵᠡᠯᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠣᠷᠣᠨ ᠲᠤᠭᠤᠷᠢᠭ ᠪᠠᠷ ᠲᠥᠪ ᠪᠣᠯᠭᠠᠵᠤ᠂ ᠬᠠᠤᠯᠢ ᠬᠡᠷᠡᠭᠵᠢᠭᠦᠯᠬᠦ ᠬᠦᠴᠦᠨ ᠢ ᠳᠣᠭᠢᠷᠠᠭᠤᠯᠤᠨ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠥᠮᠦᠨ ᠲᠣᠭᠲᠠᠭᠠᠬᠤ᠂ ᠠᠵᠢᠯ ᠤᠨ ᠪᠠᠶᠢᠷᠢ | ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠵᠤ᠂ ᠳᠤᠭᠤᠶᠢᠯᠠᠩ ᠬᠤᠪᠢᠶᠠᠨ ᠲᠣᠭᠤᠷᠢᠨ ᠪᠠᠶᠢᠴᠠᠭᠠᠵᠤ᠂ ᠤᠬᠠᠭᠤᠯᠭ᠎ᠠ | ᠬᠥᠮᠦᠵᠢᠯ ᠢᠶᠠᠷ ᠢᠳᠬᠠᠬᠤ ᠪᠠᠷ ᠭᠤᠤᠯ ᠪᠣᠯᠭᠠᠬᠤ ᠠᠷᠭ᠎ᠠ ᠮᠠᠶ᠋ᠢᠭ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠡᠪᠡᠷᠯᠡᠬᠦ ᠪᠠ ᠢᠳᠬᠠᠵᠤ᠂ ᠡᠷᠬᠢᠨ ᠲᠣᠭᠤᠷᠢᠨ ᠤ ᠬᠤᠲᠠ ᠶᠢᠨ ᠠᠷᠠᠳ ᠪᠠ | ᠬᠤᠳᠠᠯᠳᠤᠭᠠᠨ ᠤ ᠡᠷᠦᠬᠡ ᠳᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠢᠳᠡᠪᠬᠢᠲᠡᠶ ᠲᠦᠭᠡᠮᠡᠯᠵᠢᠭᠦᠯᠦᠨ᠂ ᠬᠤᠳᠠᠯᠳᠤᠭᠠᠴᠢᠨ ᠡᠷᠦᠬᠡ ᠶᠢ ᠳᠠᠶᠢᠴᠢᠯᠠᠨ ᠬᠥᠲᠥᠯᠦᠨ | ᠵᠢᠯᠣᠭᠤᠳᠴᠤ ᠪᠠᠶᠢᠭᠠᠳ ᠵᠢᠷᠤᠮᠵᠢᠯ ᠲᠠᠢ ᠡᠮᠬᠢ ᠵᠢᠷᠤᠮ ᠲᠠᠢ ᠡᠵᠡᠩᠨᠡᠭᠦᠯᠬᠦ ᠶᠢᠨ ᠬᠠᠮᠲᠤ᠂ ᠳᠡᠯᠭᠡᠭᠦᠷ ᠤᠨ ᠭᠠᠳᠠᠨ᠎ᠠ | ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ ᠰᠠᠨᠠᠭᠤᠯᠵᠤ᠂ ᠬᠤᠳᠠᠯᠳᠤᠭᠠᠴᠢᠳ ᠢ ᠬᠠᠪᠰᠤᠷᠤᠨ | ᠲᠣᠭᠲᠠᠭᠠᠯ ᠠᠴᠠ ᠵᠥᠷᠢᠴᠡᠨ ᠲᠠᠯᠪᠢᠭᠰᠠᠨ ᠡᠳ᠋ ᠪᠣᠳᠠᠰ ᠢ ᠳᠡᠯᠭᠡᠭᠦᠷ ᠲᠡᠭᠡᠨ ᠰᠢᠯᠵᠢᠭᠦᠯᠦᠨ ᠠᠪᠴᠢᠷᠠᠪᠠ᠃ | ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ᠲᠣᠭᠤᠷᠢᠨ ᠪᠠᠶᠢᠴᠠᠭᠠᠵᠤ ᠬᠠᠮᠢᠶᠠᠷᠬᠤ᠂ ᠴᠠᠭ ᠢ ᠵᠥᠷᠢᠭᠦᠯᠦᠨ ᠬᠠᠮᠢᠶᠠᠷᠬᠤ | ᠵᠡᠷᠭᠡ ᠠᠷᠭ᠎ᠠ ᠬᠡᠯᠪᠡᠷᠢ ᠶᠢ ᠠᠪᠴᠤ᠂ ᠤᠷᠤᠢ ᠶᠢᠨ ᠬᠠᠤᠯᠢ ᠬᠡᠷᠡᠭᠵᠢᠭᠦᠯᠬᠦ ᠴᠠᠭ ᠢ ᠵᠦᠢ ᠵᠣᠬᠢᠰᠲᠠᠢ ᠤᠷᠲᠤᠳᠬᠠᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠ ᠶᠢᠨ ᠦᠵᠡᠮᠵᠢ ᠶᠢᠨ ᠡᠮᠬᠢ ᠳᠢᠭᠯᠢᠮ ᠤᠨ | ᠬᠠᠮᠢᠶᠠᠷᠤᠯᠲᠠ ᠶᠢ ᠴᠢᠩᠭᠠᠳᠬᠠᠵᠤ᠂ ᠨᠡᠭᠦᠳᠡᠯ ᠳᠡᠯᠭᠡᠭᠡ ᠮᠠᠶᠢᠮᠠᠶᠢᠴᠢᠨ ᠤ ᠵᠠᠮ ᠡᠵᠡᠯᠡᠬᠦ ᠡᠵᠡᠩᠨᠡᠯᠲᠡ ᠶᠢᠨ | ᠠᠵᠢᠯᠯᠠᠭ᠎ᠠ ᠶᠢ ᠬᠤᠷᠢᠭᠯᠠᠵᠤ᠂ ᠡᠶ᠎ᠡ ᠵᠣᠬᠢᠴᠠᠩᠭᠤᠢ ᠡᠮᠬᠢ ᠵᠢᠷᠤᠮ ᠲᠠᠢ᠂ ᠠᠮᠤᠷ ᠲᠦᠪᠰᠢᠨ ᠰᠠᠨᠠᠭ᠎ᠠ ᠠᠮᠤᠷ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ | |