ᠸᠠᠩ ᠷᠦᠢ ᠳ᠋ᠦᠩ ᠾᠧ ᠲᠣᠭᠤᠷᠢᠭ ᠤᠨ ᠴᠢᠳᠠᠪᠤᠷᠢᠲᠠᠨ ᠤᠷᠢᠵᠤ ᠤᠶᠤᠨ ᠮᠡᠳᠡᠯᠭᠡ ᠣᠷᠣᠭᠤᠯᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/12
   2 ᠰᠠᠷ᠎ᠠ ᠶᠢᠨ 10 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠳ᠋ᠦᠩ ᠾᠧ ᠲᠣᠭᠤᠷᠢᠭ ᠤᠨ ᠴᠢᠳᠠᠪᠤᠷᠢᠲᠠᠨ ᠤᠷᠢᠵᠤ ᠤᠶᠤᠨ ᠮᠡᠳᠡᠯᠭᠡ ᠣᠷᠣᠭᠤᠯᠤᠨ ᠠᠪᠴᠢᠷᠠᠬᠤ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠳ᠋ᠦᠩ ᠾᠧ ᠲᠣᠭᠤᠷᠢᠭ ᠤᠨ ᠴᠢᠳᠠᠪᠤᠷᠢᠲᠠᠨ ᠤᠷᠢᠵᠤ ᠤᠶᠤᠨ ᠤᠬᠠᠭᠠᠨ ᠣᠷᠣᠭᠤᠯᠤᠨ ᠠᠪᠴᠢᠷᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠠᠵᠢᠯ ᠣᠯᠭᠤᠯᠲᠠ ᠶᠢ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠭᠠᠵᠤ᠂ ᠤᠯᠠᠨ ᠲᠦᠮᠡᠨ ᠤ ᠠᠵᠢᠯ ᠣᠯᠭᠤᠯᠲᠠ ᠪᠣᠯᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠦᠬᠦ ᠲᠠᠯ᠎ᠠ ᠪᠠᠷ ᠣᠶᠢᠯᠠᠭᠠᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠵᠣᠬᠢᠴᠠᠭᠤᠯᠵᠤ᠂ ︽ᠲᠠᠶᠢᠯᠪᠦᠷᠢᠯᠠᠬᠤ ᠰᠡᠳᠬᠢᠬᠦᠢ︾ ᠪᠠᠷ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠦᠨᠡᠨᠬᠦ ᠠᠬᠢᠭᠤᠯᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠳ᠋ᠦᠩ ᠾᠧ ᠲᠣᠭᠤᠷᠢᠭ ᠤᠨ ᠠᠵᠤ ᠦᠢᠯᠡᠰ ᠤᠨ ᠪᠦᠲᠦᠴᠡ᠂ ᠬᠥᠭᠵᠢᠯᠲᠡ ᠶᠢᠨ ᠴᠢᠭᠯᠡᠯ ᠵᠡᠷᠭᠡ ᠲᠠᠢ ᠵᠣᠬᠢᠴᠠᠭᠰᠠᠨ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ ᠺᠠᠳ᠋ᠷ ᠴᠢᠳᠠᠪᠤᠷᠢᠲᠠᠨ ᠢ ᠤᠷᠮᠠᠰᠢᠭᠤᠯᠬᠤ᠂ ᠬᠥᠮᠦᠵᠢᠭᠦᠯᠦᠨ ᠪᠣᠯᠪᠠᠰᠤᠷᠠᠭᠤᠯᠬᠤ᠂ ᠬᠠᠮᠢᠶᠠᠷᠤᠯᠲᠠ ᠶᠢᠨ ᠬᠢᠨᠠᠨ ᠰᠢᠯᠭᠠᠬᠤ ᠲᠣᠭᠲᠠᠴᠠ ᠶᠢ ᠪᠦᠷᠢᠨᠰᠢᠬᠦᠯᠵᠤ᠂ ᠬᠥᠮᠦᠨ ᠠᠵᠢᠯ ᠤᠨ ᠪᠠᠶᠢᠷᠢ ᠶᠢ ᠭᠦᠨᠵᠡᠭᠡᠢ ᠲᠤᠬᠢᠷᠠᠭᠤᠯᠵᠤ᠂ ᠴᠢᠳᠠᠪᠤᠷᠢᠲᠠᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠪᠣᠯᠤᠨ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠬᠦ ᠬᠡᠷᠡᠭᠲᠡᠢ᠃ ᠲᠣᠭᠤᠷᠢᠭ ᠤᠨ ᠤᠳᠤᠷᠢᠳᠤᠯᠭ᠎ᠠ ᠵᠠᠩ ᠬᠤᠩ ᠶᠠᠨ᠂ ᠶᠠᠩ ᠵᠢᠶᠠᠨ ᠵᠢᠶᠦ᠋ᠨ᠂ ᠱᠢ ᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1