ᠳ᠋ᠦᠩ ᠾᠧ ᠲᠣᠭᠤᠷᠢᠭ ᠤᠨ 2025 ᠣᠨ ᠤ ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠤᠷᠠᠨ ᠰᠠᠶᠢᠬᠠᠨ ᠤ ᠲᠣᠭᠯᠠᠯᠲᠠ ᠥᠩᠭᠡ ᠢᠯᠭᠠᠷᠠᠮ᠎ᠠ ᠪᠠᠶᠢᠨ᠎ᠠ
ᠨᠡᠶᠢᠲᠡᠯᠡᠭᠰᠡᠨ ᠴᠠᠭ᠄
2025/2/12
   ᠳᠠᠭᠤᠯᠠᠨ ᠪᠥᠵᠢᠭᠯᠡᠵᠦ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ ᠥᠯᠵᠡᠶᠢᠲᠦ ᠡᠳᠦᠷ ᠤᠨ ᠪᠠᠶᠠᠷ ᠢ ᠪᠡᠯᠭᠡᠯᠡᠶ᠎ᠡ᠃ 2 ᠰᠠᠷ᠎ᠠ ᠶᠢᠨ 11 ᠤ ᠡᠳᠦᠷ᠂ ᠳ᠋ᠦᠩ ᠾᠧ ᠲᠣᠭᠤᠷᠢᠭ ᠤᠨ ᠭᠠᠵᠠᠷ ᠪᠣᠯᠭᠠᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ᠂ ᠵᠢᠯ ᠤᠨ ᠦᠨᠦᠷ ᠠᠮᠲᠠ ᠨᠢ ᠭᠦᠢᠴᠡᠳ ᠪᠠᠶᠢᠯ᠎ᠠ᠃ ᠦᠳᠡ ᠶᠢᠨ ᠬᠤᠶᠢᠨᠠᠬᠢ 2 ᠴᠠᠭ ᠬᠠᠭᠠᠰ ᠲᠤ᠂ ᠪᠠᠶᠠᠨᠲᠠᠯ᠎ᠠ ᠶᠡᠭᠡ ᠵᠡᠭᠡᠯᠢ ᠶᠢᠨ ᠬᠥᠮᠦᠰ ᠤᠨᠳᠤᠷᠴᠤ᠂ ᠪᠠᠶᠠᠷ ᠬᠦᠷ ᠢᠶᠠᠷ ᠪᠢᠯᠬᠠᠵᠤ ᠪᠠᠶᠢᠯ᠎ᠠ᠃
   ᠳ᠋ᠦᠩ ᠳ᠋ᠦᠩ ᠤᠷᠠᠨ ᠰᠠᠶᠢᠬᠠᠨ ᠤ ᠲᠣᠭᠯᠠᠯᠲᠠ ᠨᠢ ᠣᠮᠤᠭ ᠲᠡᠭᠦᠯᠳᠡᠷ ᠬᠡᠩᠭᠡᠷᠭᠡ ᠶᠢᠨ ᠳᠤᠮᠳᠠ ᠬᠥᠰᠢᠭᠡ ᠪᠠᠨ ᠰᠡᠬᠦᠵᠦ᠂ ᠵᠠᠭᠤᠨ ᠬᠥᠮᠦᠨ ᠤ ᠰᠦᠷ ᠵᠢᠪᠬᠤᠯᠠᠩᠲᠤ ᠬᠠᠷᠠᠩᠭ᠎ᠠ ᠬᠡᠩᠭᠡᠷᠭᠡ ᠶᠢᠨ ᠠᠩᠭᠢ ᠡᠩ ᠲᠡᠷᠢᠭᠦᠨ ᠳᠤ ᠲᠠᠶᠢᠰᠠᠨ ᠳᠤ ᠭᠠᠷᠴᠤ ᠪᠠᠶᠢᠯ᠎ᠠ᠃ ᠲᠡᠳᠡ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠭᠤᠶᠤᠯᠠᠵᠤ᠂ ᠬᠦᠴᠦᠲᠡᠢ ᠠᠶᠢᠵᠠᠮ᠂ ᠰᠦᠷ ᠳᠠᠯᠠᠶᠢᠴᠠᠲᠠᠢ᠂ ︽ᠮᠣᠭᠠᠢ ᠪᠥᠵᠢᠭ ᠤᠨ ᠬᠥᠭᠵᠢᠯ ᠪᠠᠳᠠᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠶ᠎ᠡ︾ ᠳ᠋ᠦᠩ ᠾᠧ ᠲᠣᠭᠤᠷᠢᠭ ᠤᠨ ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠶᠢᠨ ᠤᠷᠠᠨ ᠰᠠᠶᠢᠬᠠᠨ ᠤ ᠦᠵᠡᠭᠦᠯᠦᠯᠭᠡ ᠶᠢᠨ ᠠᠵᠢᠯᠯᠠᠭ᠎ᠠ ᠶᠢ ᠡᠬᠢᠯᠡᠭᠦᠯᠪᠡ᠃
   ᠵᠠᠮ ᠤᠨ ᠬᠤᠶᠠᠷ ᠬᠠᠵᠠᠭᠤ ᠪᠠᠷ ᠬᠡᠳᠦᠨ ᠲᠦᠮᠡᠨ ᠠᠷᠠᠳ ᠣᠯᠠᠨ ᠤ ᠬᠦᠰᠡᠨ ᠬᠦᠯᠢᠶᠡᠵᠦ ᠪᠠᠶᠢᠭ᠎ᠠ ᠬᠠᠷᠠᠴᠠ ᠳᠤ ᠂ ᠡᠯ᠎ᠡ ᠵᠡᠭᠡᠯᠢ ᠪᠠᠯᠭᠠᠰᠤ ᠠᠴᠠ ᠢᠷᠡᠭᠰᠡᠨ 16 ᠲᠣᠭᠯᠠᠯᠲᠠ ᠶᠢᠨ ᠡᠩᠨᠡᠭᠡ ᠥᠩᠭᠡᠲᠦ ᠲᠡᠷᠭᠡᠨ ᠳᠤ ᠰᠠᠭᠤᠵᠤ᠂ ᠲᠡᠷᠢ ᠲᠡᠭᠰᠢ ᠡᠩᠨᠡᠭᠡ ᠵᠢᠭᠰᠠᠵᠤ᠂ ᠰᠦᠷ ᠳᠠᠯᠠᠶᠢᠴᠠᠲᠠᠶ ᠵᠡᠭᠡᠯᠢ ᠭᠤᠳᠤᠮᠵᠢ ᠪᠠᠷ ᠭᠠᠷᠴᠤ᠂ ᠳᠡᠭᠡᠷ᠎ᠡ ᠳᠣᠤᠷ᠎ᠠ ᠨᠢᠰᠬᠦ ᠯᠤᠤ ᠲᠣᠭᠯᠠᠬᠤ᠂ ᠠᠶᠤᠯ ᠲᠦᠭᠰᠢᠭᠦᠷᠢᠲᠡᠶ ᠰᠡᠳᠦᠯᠲᠡ ᠥᠭᠬᠦ᠂ ᠬᠠᠭᠤᠷᠠᠶ ᠣᠩᠭᠤᠴᠠᠨ ᠳᠤ ᠭᠦᠶᠦᠬᠦ ᠵᠢᠴᠢ ᠠᠷᠠᠳ ᠤᠨ ᠵᠠᠩ ᠠᠭᠠᠯᠢ ᠶᠢᠨ ᠦᠨᠦᠷ ᠬᠠᠩᠬᠤᠯᠤᠭᠰᠠᠨ ᠪᠡᠷᠢ ᠪᠠᠭᠤᠯᠭᠠᠬᠤ᠂ ᠶᠠᠩᠭᠠᠷ᠂ ᠥᠨᠳᠥᠷ ᠳᠠᠪᠬᠤᠷᠭ᠎ᠠ ᠳᠤ ᠭᠢᠰᠬᠢᠬᠦ ᠵᠡᠷᠭᠡ ᠨᠡᠶᠢᠭᠡᠮ ᠤᠨ ᠲᠦᠢᠮᠡᠷ ᠤᠨ ᠲᠣᠭᠯᠠᠯᠲᠠ ᠡᠭᠡᠯᠵᠢᠯᠡᠨ ᠲᠠᠯᠠᠪᠠᠶ ᠳᠤ ᠣᠷᠣᠪᠠ᠃
   ᠭᠤᠶᠢᠳᠠ ᠰᠠᠶᠢᠬᠠᠨ ᠲᠣᠭᠯᠠᠯᠲᠠ ᠨᠤᠭᠤᠳ᠂ ᠪᠠᠶᠠᠷ ᠪᠠᠶᠠᠰᠬᠤᠯᠠᠩᠲᠤ ᠪᠥᠵᠢᠭ᠂ ᠲᠩᠷᠢ ᠭᠠᠵᠠᠷ ᠢ ᠳᠣᠩᠰᠣᠯᠭᠠᠮ᠎ᠠ ᠬᠠᠰᠬᠢᠷᠬᠤ ᠳᠠᠭᠤᠨ᠂ ᠪᠠᠶᠠᠷ ᠪᠠᠶᠠᠰᠬᠤᠯᠠᠩᠲᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠬᠥᠮᠦᠰ ᠤᠨ ᠳᠤᠷᠠᠳᠬᠠᠯ ᠳᠣᠲᠣᠷᠠᠬᠢ ᠴᠠᠭᠠᠨ ᠰᠠᠷ᠎ᠠ ᠶᠢᠨ ᠦᠨᠦᠷ ᠬᠠᠩᠬᠤᠯᠤᠭᠰᠠᠨ ᠪᠠᠶᠢᠨ᠎ᠠ᠃ ᠤᠷᠠᠨ ᠰᠠᠶᠢᠬᠠᠨ ᠤ ᠲᠣᠭᠯᠠᠭᠴᠢᠳ ᠠᠷᠠᠳ ᠤᠨ ᠵᠠᠩ ᠳᠠᠳᠬᠠᠯ ᠢ ᠰᠢᠩᠭᠡᠭᠡᠵᠦ᠂ ᠳ᠋ᠦᠩ ᠾᠧ ᠶᠢᠨ ᠥᠪᠡᠷᠮᠢᠴᠡ ᠣᠨᠴᠠᠯᠢᠭ ᠲᠠᠢ ᠤᠯᠠᠮᠵᠢᠯᠠᠯᠲᠤ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠬᠤ ᠪᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ ᠢᠯᠡᠳᠬᠡᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠩᠬᠠᠷᠤᠯ ᠢ ᠶᠡᠬᠡᠳᠡ ᠲᠠᠲᠠᠵᠤ᠂ ᠰᠢᠭᠤᠳ ᠰᠣᠭᠲᠣᠭᠤᠷᠠᠭᠤᠯᠪᠠ᠃
   ᠪᠦᠬᠦ᠋ᠢᠯᠡ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠨᠢ ᠬᠤᠶᠠᠷ ᠴᠠᠭ ᠰᠢᠬᠠᠮ ᠦᠷᠭᠦᠯᠵᠢᠯᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠯ᠎ᠠ᠃ ᠦᠵᠡᠭᠴᠢᠳ ᠭᠠᠷ ᠤᠲᠠᠰᠤ ᠪᠠᠨ ᠭᠠᠷᠭᠠᠵᠤ ᠡᠨᠡ ᠮᠠᠷᠲᠠᠭᠳᠠᠰᠢ ᠦᠭᠡᠢ ᠠᠭᠱᠠᠨ ᠵᠠᠭᠤᠷ᠎ᠠ ᠶᠢ ᠲᠡᠮᠳᠡᠭᠯᠡᠵᠦ᠂ ᠪᠠᠰᠠ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢᠶᠠᠷ ᠳᠠᠮᠵᠢᠭᠤᠯᠤᠨ ᠲᠥᠷᠥᠯ ᠰᠠᠳᠤᠨ ᠨᠠᠶᠢᠵᠠ ᠨᠥᠬᠦᠳ ᠲᠤ ᠪᠠᠨ ᠬᠤᠪᠢᠶᠠᠯᠴᠠᠪᠠ᠃ ᠬᠤᠲᠠ ᠶᠢᠨ ᠠᠷᠠᠳ ᠸᠠᠩ ᠶᠦᠩ ᠾᠧᠩ᠄ ︽ᠡᠨᠡ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠦᠨᠡᠬᠡᠷ ᠭᠤᠶᠢᠳᠠ ᠰᠠᠶᠢᠬᠠᠨ ᠪᠠᠶᠢᠨ᠎ᠠ︕ ᠪᠢᠳᠡ ᠬᠠᠭᠤᠴᠢᠨ ᠪᠤᠭᠤᠲᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠢᠳᠡᠨ ᠢ ᠮᠠᠷᠲᠠᠭᠳᠠᠰᠢ ᠥᠬᠡᠶ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠢ ᠥᠩᠭᠡᠷᠡᠭᠦᠯᠦᠭᠰᠡᠨ ᠪᠠᠶᠢᠨ᠎ᠠ︾ ᠭᠡᠵᠡᠶ᠃
   ︽ᠤᠷᠠᠨ ᠰᠠᠢᠬᠠᠨ ᠤ  ᠦᠳᠡᠰᠢᠯᠡᠭᠡ︾ ᠮᠣᠭᠠᠢ ᠵᠢᠯ ᠤᠨ ᠪᠠᠶᠠᠷ ᠬᠥᠷ ᠬᠥᠭᠵᠢᠶᠡᠨ ᠲᠠᠢ ᠥᠯᠵᠡᠢᠲᠦ ᠡᠳᠦᠷ ᠤᠨ ᠪᠠᠶᠠᠷ ᠢ ᠪᠡᠯᠭᠡᠯᠡᠶ᠎ᠡ᠃ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠵᠣᠯ ᠵᠢᠷᠭᠠᠯ ᠲᠠᠢ᠂ ᠳᠦᠭᠦᠷᠡᠩ ᠰᠠᠶᠢᠬᠠᠨ ᠠᠭᠤᠷ ᠠᠮᠢᠰᠬᠤᠯ ᠤᠨ ᠳᠤᠮᠳᠠ᠂ ᠮᠠᠨ ᠤ ᠣᠷᠣᠨ ᠤ ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠶᠠᠪᠤᠭᠳᠠᠵᠤ᠂ ᠣᠯᠠᠨ ᠲᠦᠮᠡᠨ ᠳᠤ ᠬᠡᠷ ᠤᠨ ᠡᠭᠦᠳᠡᠨ ᠳᠠᠬᠢ ᠪᠠᠶᠠᠷ ᠤᠨ ᠡᠳᠦᠷ ᠤᠨ ᠦᠪᠡᠳᠡᠭᠰᠢ ᠨᠠᠶᠢᠷ ᠢ ᠠᠪᠴᠢᠷᠠᠵᠤ ᠥᠭᠴᠡᠶ᠃︾ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠭᠰᠡᠨ ᠨᠢ ᠪᠤᠭᠤᠲᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳ᠋ᠦᠩ ᠾᠧ ᠲᠣᠭᠤᠷᠢᠭ ᠤᠨ ᠬᠠᠭᠤᠴᠢᠨ ᠬᠤᠲᠠ ᠶᠢᠨ ᠦᠶ᠎ᠡ ᠶᠢᠨ ᠦᠨᠦᠷ ᠠᠮᠲᠠ ᠪᠣᠯᠤᠨ ᠠᠷᠠᠳ ᠤᠨ ᠵᠠᠩ ᠦᠢᠯᠡ ᠶᠢ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ ᠭᠡᠵᠡᠶ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1