2 ᠰᠠᠷ᠎ᠠ ᠶᠢᠨ 14 ᠤ ᠡᠳᠦᠷ᠂ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 | ᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠪᠠᠶᠢᠩᠭᠤ ᠶᠢᠨ ᠳᠡᠳ᠋ ᠳᠠᠷᠤᠭ᠎ᠠ ᠦ᠋ ᠭᠦᠸᠧ ᠳ᠋ᠦᠩ ᠬᠤᠷᠠᠯ ᠢ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠶᠣᠣ ᠬᠦᠢ ᠹᠠᠩ ᠤᠷᠢᠯᠭ᠎ᠠ ᠪᠠᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠲᠣᠭᠤᠷᠢᠭ ᠤᠨ | ᠳᠡᠳ᠋ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ | ᠲᠤᠬᠢᠷᠠᠭᠤᠯᠤᠯᠳᠠ ᠬᠢᠪᠡ᠃ | ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠪᠣᠯᠤᠨ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠵᠠᠰᠠᠭ ᠤᠨ ᠣᠷᠳᠣᠨ ᠤ | ᠰᠢᠰᠲ᠋ᠧᠮ ᠤᠨ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠴᠢᠩᠭ᠎ᠠ ᠬᠥᠭ ᠠᠶᠠᠰ᠂ ᠴᠢᠩᠭ᠎ᠠ ᠠᠷᠭ᠎ᠠ | ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠲᠤᠭᠤᠰᠢᠲᠠᠢ ᠠᠳᠬᠤᠬᠤ ᠶᠢ ᠪᠠᠷᠢᠮᠲᠠᠯᠠᠵᠤ᠂ ᠡᠭᠦᠷᠢᠳᠡ ᠵᠤᠬᠰᠤᠰᠢ ᠦᠭᠡᠢ | ᠪᠠᠶᠢᠬᠤ ᠰᠡᠷᠭᠡᠭ ᠪᠥᠭᠡᠳ ᠡᠷᠡᠰ ᠪᠠᠲᠤ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠨᠢᠭᠡ ᠨᠢᠭᠡ ᠠᠯᠬᠤᠮ ᠢᠶᠠᠷ | ᠵᠣᠭᠰᠣᠬᠤ ᠦᠭᠡᠢ᠂ ᠨᠢᠭᠡ ᠨᠢᠭᠡ ᠠᠯᠬᠤᠮ ᠢᠶᠠᠷ ᠨᠠᠶᠢᠷ ᠲᠠᠯᠪᠢᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠬᠤᠷᠠᠯ ᠠᠴᠠ᠂ ᠭᠤᠣᠯᠳᠠᠯᠭ᠎ᠠ ᠶᠢ ᠲᠤᠪᠤᠶᠢᠯᠭᠠᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠨᠡᠩ | ᠬᠦᠴᠦᠲᠡᠢ ᠠᠷᠭ᠎ᠠ ᠬᠡᠮᠵᠢᠶ᠎ᠡ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠨᠢᠭᠡ ᠴᠤᠬᠴᠠᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ | ᠪᠠᠶᠢᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠ ︽ᠭᠤᠷᠪᠠᠨ ᠴᠢᠬᠤᠯᠠ ᠨᠢᠭᠡ ᠶᠡᠭᠡ︾ ᠵᠡᠷᠭᠡ ᠡᠯ᠎ᠡ | ᠵᠦᠢᠯ ᠤᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ︔ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠡᠳᠦᠷ ᠲᠤᠳᠤᠮ ᠤᠨ | ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠵᠦ᠂ ︽ᠲᠦᠷᠪᠡᠨ ᠰᠤᠷᠲᠠᠯ︾ ᠤᠨ ᠠᠷᠬᠠᠭ ᠭᠡᠮ ᠢ ᠡᠷᠡᠰ ᠵᠠᠯᠠᠷᠠᠭᠤᠯᠵᠤ᠂ ᠠᠷᠠᠳ ᠲᠤ | ᠠᠰᠢᠭ ᠬᠦᠷᠲᠡᠭᠡᠬᠦ᠂ ᠠᠵᠤ ᠠᠬᠤᠶᠢᠯᠠᠯ ᠢ ᠲᠤᠰᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠬᠢᠨᠠᠯᠲᠠ ᠬᠠᠮᠢᠶᠠᠷᠤᠯᠲᠠ ᠶᠢ ᠡᠷᠡᠰ ᠭᠤᠶᠢᠪᠢᠰᠢ ᠦᠭᠡᠢ ᠪᠠᠷ | ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠢᠨᠵᠧᠨᠧᠷᠢᠩ ᠤᠨ | ᠲᠦᠷᠦᠯ ᠵᠦᠢᠯ ᠢ ᠬᠢᠨᠠᠨ ᠬᠠᠮᠢᠶᠠᠷᠬᠤ᠂ ᠲᠣᠰᠬᠤᠨ ᠤ ᠱᠠᠲᠤᠨ ᠤ ᠭᠤᠷᠪᠠᠨ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠢᠨᠠᠯᠲᠠ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭᠠᠳᠬᠠᠬᠤ ᠬᠡᠷᠡᠭᠲᠡᠢ᠃ ᠬᠤᠷᠠᠯ ᠠᠴᠠ᠂ | ᠰᠢᠰᠲ᠋ᠧᠮᠲᠦ ᠰᠡᠳᠬᠢᠬᠦᠢ᠂ ᠰᠢᠰᠲ᠋ᠧᠮ ᠲᠠᠢ ᠵᠠᠰᠠᠬᠤ᠂ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠠᠰᠢᠭ ᠲᠠᠢ᠂ | ᠴᠢᠩᠭ᠎ᠠ ᠠᠳᠬᠤᠨ ᠲᠦᠷᠭᠡᠨ ᠰᠢᠢᠳᠪᠦᠷᠢᠯᠡᠬᠦ᠂ ᠶᠠᠪᠤᠴᠠ ᠶᠢᠨ ᠬᠠᠮᠢᠶᠠᠷᠤᠯᠲᠠ᠂ ᠪᠦᠬᠦ ᠶᠠᠪᠤᠴᠠ ᠶᠢᠨ ᠬᠠᠮᠢᠶᠠᠷᠤᠯᠲᠠ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠨᠠᠷᠢᠨ ᠨᠢᠭᠲᠠ ᠪᠤᠳᠤᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠴᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠣᠨᠣᠪᠴᠢᠲᠠᠢ ᠤᠢᠢᠯᠠᠭᠠᠨ ᠰᠢᠰᠲ᠋ᠧᠮ ᠲᠠᠢ ᠡᠵᠡᠮᠳᠡᠵᠦ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ | ᠵᠦᠢᠯ ᠤᠨ ᠠᠵᠢᠯ ᠢ ᠪᠣᠳᠠᠲᠠᠢ ᠠᠳᠬᠤᠵᠤ᠂ ᠯᠠᠪᠳᠠᠭᠤᠨ ᠪᠠᠲᠤᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ | ᠬᠡᠷᠡᠭᠲᠡᠢ᠃ | ᠬᠤᠷᠠᠯ ᠠᠴᠠ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠰᠠᠶᠢᠲᠤᠷ ᠡᠭᠦᠷᠭᠡᠯᠡᠵᠦ᠂ ᠱᠦᠵᠢ ᠨᠢᠭᠡᠳᠦᠭᠡᠷ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠤᠳᠤᠷᠢᠳᠬᠤ ᠪᠠᠭ ᠤᠨ ᠪᠦᠷᠢᠯᠳᠦᠬᠦᠨ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠤᠬᠠᠮᠰᠠᠷ ᠠᠴᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠨᠢᠭᠡ | ᠱᠠᠳᠤ ᠨᠢ ᠨᠢᠭᠡ ᠱᠠᠳᠤ ᠪᠠᠨ ᠳᠠᠭᠠᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ ᠶᠢ ᠪᠡᠶᠡᠯᠡᠭᠦᠯᠬᠦ | ᠬᠡᠷᠡᠭᠲᠡᠢ᠃ ᠤᠳᠤᠷᠢᠳᠬᠤ ᠪᠠᠭ ᠢᠶᠠᠨ ᠠᠳᠬᠤᠬᠤ᠂ ᠡᠩᠨᠡᠭᠡ ᠪᠠᠨ ᠳᠠᠭᠠᠭᠤᠯᠬᠤ ᠴᠢᠳᠠᠪᠤᠷᠢ ᠪᠠ ᠬᠡᠪ | ᠪᠣᠯᠪᠠᠰᠤᠷᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ | ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠪᠡᠶᠡᠯᠡᠭᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠢᠶᠠᠨ ᠠᠳᠬᠤᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ | ᠪᠦᠲᠦᠮᠵᠢ ᠪᠠᠷ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠡᠩ ᠴᠤ ᠰᠣᠶᠣᠯ ᠤᠨ | ᠰᠠᠭᠤᠷᠢ ᠪᠠ ᠠᠮᠢᠵᠢᠷᠠᠯ ᠤᠨ ᠬᠦᠴᠦᠨ ᠲᠠᠢ ᠰᠢᠨ᠎ᠡ ᠳ᠋ᠦᠩ ᠾᠧ ᠭᠤᠣᠯ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠾᠧ ᠳ᠋ᠦᠩ ᠪᠠᠯᠭᠠᠰᠤ᠂ ᠳ᠋ᠦᠩ ᠵᠠᠨ ᠵᠡᠭᠡᠯᠢ ᠭᠤᠳᠤᠮᠵᠢ | ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠰ ᠳᠠᠷᠠᠭᠠᠯᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ | ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠣᠭᠤᠷᠢᠭ ᠤᠨ ᠳᠡᠳ᠋ ᠳᠠᠷᠤᠭ᠎ᠠ᠂ ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠵᠡᠭᠡᠯᠢ ᠪᠠᠯᠭᠠᠰᠤ ᠵᠢᠴᠢ | ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | |