ᠳ᠋ᠦᠩ ᠾᠧ ᠲᠣᠭᠤᠷᠢᠭ ᠠᠵᠤ ᠠᠬᠤᠢ ᠶᠢᠨ ᠠᠵᠢᠯᠯᠠᠭᠠᠨ ᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
   2 ᠰᠠᠷ᠎ᠠ ᠶᠢᠨ 17 ᠤ ᠡᠳᠦᠷ᠂ ᠳ᠋ᠦᠩ ᠾᠧ ᠲᠣᠭᠤᠷᠢᠭ ‍ᠤᠨ‌ᠠᠵᠤ ᠠᠬᠤᠢ ᠶᠢᠨ ᠠᠵᠢᠯᠯᠠᠭᠠᠨ ᠤ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠤᠷᠠᠯ ᠡᠷᠭᠢᠯᠡᠪᠡ᠃ ᠬᠤᠷᠠᠯ ᠠᠴᠠ ᠪᠦᠬᠦ ᠬᠤᠳᠠ ᠶᠢᠨ ᠲᠦᠷᠦᠭᠦᠦ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢᠨ ᠲᠣᠭᠤᠷᠢᠨ ᠳᠤ᠂ ᠳ᠋ᠦᠩ ᠾᠧ ᠲᠣᠭᠤᠷᠢᠭ ᠤᠨ ᠦᠢᠯᠡᠳᠪᠦᠷᠢᠯᠡᠵᠦ ᠪᠠᠶᠢᠭ᠎ᠠ ᠲᠦᠷᠦᠯ ᠵᠦᠢᠯ ᠤᠨ ᠪᠠᠶᠢᠳᠠᠯ᠂ ᠶᠠᠷᠢᠯᠴᠠᠵᠤ ᠪᠠᠶᠢᠭ᠎ᠠ ᠲᠦᠷᠦᠯ ᠵᠦᠢᠯ ᠤᠨ ᠪᠠᠶᠢᠳᠠᠯ᠂ ᠪᠦᠬᠦ ᠣᠷᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠪᠠᠶᠢᠳᠠᠯ᠂ ᠭᠤᠣᠯᠳᠠᠯᠭ᠎ᠠ ᠲᠠᠢ ᠲᠦᠷᠦᠯ ᠵᠦᠢᠯ ᠤᠨ ᠦᠵᠡᠭᠦᠯᠦᠯᠭᠡ ᠶᠢᠨ ᠭᠦᠢᠴᠡᠳᠬᠡᠯ ᠲᠤᠭ᠎ᠠ ᠶᠢᠨ ᠪᠠᠶᠢᠳᠠᠯ ᠪᠣᠯᠣᠨ ᠪᠦᠬᠦ ᠣᠷᠣᠨ ᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠶᠢᠳᠠᠯ᠂ ᠵᠠᠬᠢᠶᠠᠯᠠᠭ᠎ᠠ ᠶᠢᠨ ᠬᠠᠭᠤᠳᠠᠰᠤ ᠡᠷᠢᠬᠦ ᠪᠠ ᠪᠡᠯᠡ ᠮᠥᠩᠭᠦ ᠡᠷᠢᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ︽ᠵᠦᠭᠯᠡᠭᠦᠷ︾ ᠮᠥᠨ᠂ ︽ᠪᠦᠬᠦ ᠵᠢᠯ ᠳᠤ ᠲᠣᠭᠲᠠᠭᠤᠨ︾᠂ ︽ᠪᠦᠬᠦ ᠵᠢᠯ ᠳᠤ ᠠᠮᠵᠢᠯᠲᠠ ᠣᠯᠬᠤ︾ ᠶᠢᠨ ᠰᠠᠭᠤᠷᠢ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ ᠤᠷᠢᠳᠴᠢᠯᠠᠨ ᠬᠦᠴᠦᠯᠡᠵᠦ᠂ ᠡᠷᠲᠡ ᠬᠦᠴᠦᠯᠡᠵᠦ᠂ ᠢᠳᠡᠪᠬᠢᠲᠡᠢ ᠪᠠᠷ ᠠᠵᠢᠯᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠦᠷᠦᠭᠦᠦ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠬᠠᠮᠤᠭ ᠤᠨ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ ᠂ ᠲᠦᠷᠦᠯ ᠵᠦᠢᠯ ᠤᠨ ᠥᠨᠳᠥᠷ ᠳᠠᠪᠲᠠᠮᠵᠢᠲᠤ ᠲᠤᠬᠢᠷᠠᠭᠤᠯᠤᠯᠳᠠ᠂ ᠴᠡᠭ ᠬᠠᠷᠠᠭᠠᠯᠵᠠᠭᠤᠯᠤᠨ ᠦᠢᠯᠡᠴᠢᠯᠡᠬᠦ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠢᠨᠵᠧᠨᠧᠷᠢᠩ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢ ᠠᠬᠢᠭᠤᠯᠵᠤ᠂ ᠡᠯ᠎ᠡ ᠲᠦᠷᠦᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠦᠷᠦᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠠᠵᠢᠯ ᠢᠶᠠᠨ ᠲᠣᠭᠲᠠᠪᠤᠷᠢᠵᠢᠭᠤᠯᠤᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠡᠭᠡᠭᠡᠵᠦ᠂ ᠵᠠᠬᠢᠶᠠᠯᠠᠭ᠎ᠠ ᠶᠢᠨ ᠬᠠᠭᠤᠳᠠᠰᠤ ᠶᠢ ᠡᠷᠢᠯᠬᠢᠯᠡᠵᠦ᠂ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ ᠡᠯ᠎ᠡ ᠱᠠᠲᠤᠨ ᠤ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠲᠡᠮᠡᠴᠡᠨ ᠣᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠦᠢᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠤᠯᠤᠰ ᠤᠨ ᠠᠰᠢᠭᠲᠠᠢ ᠲᠦᠷᠦ ᠶᠢᠨ ᠪᠤᠳᠤᠯᠭ᠎ᠠ ᠪᠠ ᠮᠠᠨ ᠤ ᠬᠤᠳᠠ ᠶᠢᠨ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ ᠲᠠᠰᠤᠷᠠᠯᠲᠠ ᠦᠭᠡᠢ ︽ᠰᠢᠨ᠎ᠡ︾ ︽ᠬᠦᠷᠢᠶ᠎ᠡ ᠬᠡᠪᠴᠢᠶ᠎ᠡ︾ ᠪᠠᠷ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠣᠯᠢᠬᠤ ᠶᠢ ᠠᠬᠢᠭᠤᠯᠵᠤ᠂ ᠠᠵᠤ ᠠᠬᠤᠶᠢᠯᠠᠯ ᠢ ᠢᠳᠡᠪᠬᠢᠲᠡᠢ ᠵᠢᠯᠣᠭᠤᠳᠴᠤ ᠪᠠᠶᠢᠭᠠᠳ ᠳᠡᠯᠭᠡᠨ ᠪᠣᠷᠣᠯᠠᠭᠤᠯᠵᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠷᠬᠢᠯᠡᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠢ ᠪᠦᠷᠢᠯᠳᠦᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠦᠷᠦᠭᠦᠦ ᠠᠵᠤ ᠠᠬᠤᠶᠢᠯᠠᠯ ᠪᠣᠯᠤᠨ ᠬᠡᠯᠬᠢᠶ᠎ᠡ ᠶᠢᠨ ᠭᠤᠣᠯ ᠠᠵᠤ ᠠᠬᠤᠶᠢᠯᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠲᠦᠷᠦᠯ ᠵᠦᠢᠯ ᠢ ᠵᠥᠪᠳᠡᠯᠴᠡᠵᠦ᠂ ᠰᠤᠷᠪᠤᠯᠵᠢᠯᠠᠭᠰᠠᠨ ᠦᠭᠡᠢ ᠬᠠᠷᠠᠯᠲᠠᠲᠤ ᠠᠵᠤ ᠠᠬᠤᠶᠢᠯᠠᠯ ᠲᠠᠢ ᠦᠷᠭᠦᠯᠵᠢᠯᠡᠨ ᠵᠣᠯᠭᠠᠭᠤᠯᠵᠤ᠂ ᠲᠦᠷᠦᠯ ᠵᠦᠢᠯ ᠤᠨ ᠪᠣᠳᠠᠲᠠᠢ ᠠᠬᠢᠴᠠ ᠲᠠᠢ ᠪᠣᠯᠬᠤ ᠶᠢ ᠲᠦᠷᠭᠡᠳᠬᠡᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠤᠨᠢᠨ ᠳᠡᠭᠡᠷ᠎ᠡ ᠨᠢ ᠵᠣᠯᠭᠠᠭᠤᠯᠵᠤ᠂ ᠠᠯᠢ ᠲᠦᠷᠭᠡᠨ ᠢᠶᠠᠷ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠴᠢᠩᠭᠠᠷᠠᠭᠤᠯᠵᠤ᠂ ᠭᠠᠶᠢᠯᠢ ᠥᠷᠢᠲᠦᠵᠦ ᠪᠠᠶᠢᠭ᠎ᠠ ᠭᠠᠶᠢᠯᠢ ᠶᠢ ᠢᠯᠭᠠᠷᠠᠭᠤᠯᠤᠨ ᠲᠤᠰᠢᠶᠠᠬᠤ ᠡᠯ᠎ᠡ ᠵᠦᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠳᠤ ᠴᠢᠭᠯᠡᠭᠦᠯᠦᠨ ᠡᠬᠡ ᠲᠠᠩᠰᠠ ᠪᠠᠶᠢᠭᠤᠯᠵᠤ᠂ ᠥᠷᠢᠲᠦᠵᠦ ᠪᠠᠶᠢᠭ᠎ᠠ ᠭᠠᠶᠢᠯᠢ ᠶᠢ ᠪᠥᠬᠦ ᠬᠦᠴᠦᠨ ᠢᠶᠠᠷ ᠢᠶᠠᠨ ᠢᠯᠭᠠᠷᠠᠭᠤᠯᠤᠨ᠂ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠠᠷᠢᠯᠭᠠᠬᠤ ᠬᠡᠷᠡᠭᠲᠡᠶ᠃ ᠲᠦᠷᠦᠯ ᠵᠦᠢᠯ ᠤᠨ ᠶᠠᠰᠤ ᠴᠢᠨᠠᠷ ᠢ ᠰᠢᠯᠢᠳᠡᠭᠵᠢᠭᠦᠯᠵᠦ᠂ ︽ᠨᠢᠭᠡ ᠪᠦᠯᠦᠭ ᠢ ᠬᠡᠷᠡᠭᠵᠢᠭᠦᠯᠵᠦ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠰᠦᠪᠡᠭᠴᠢᠯᠡᠬᠦ︾ ᠵᠠᠷᠴᠢᠮ ᠢ ᠪᠠᠷᠢᠮᠲᠠᠯᠠᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠭᠯᠡᠯ ᠪᠣᠯᠤᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠴᠢᠩᠭ᠎ᠠ ᠠᠩᠬᠠᠷᠴᠤ᠂ ᠨᠥᠭᠡᠴᠡᠯᠡᠬᠦ ᠲᠦᠷᠦᠯ ᠵᠦᠢᠯ ᠤᠨ ᠬᠥᠮᠥᠷᠭᠡ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠡᠨᠡ ᠵᠢᠯ ᠤᠨ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠳᠤ ᠴᠠᠭ ᠲᠤᠬᠠᠢ ᠳᠤᠨᠢ ᠲᠤᠬᠢᠷᠠᠭᠤᠯᠤᠯᠳᠠ ᠬᠢᠵᠦ᠂ ᠲᠦᠷᠦᠯ ᠵᠦᠢᠯ ᠤᠨ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠵᠧᠦ ᠰᠢᠤᠸᠠᠢ ᠯᠢᠶᠠᠩ᠂ ᠦ᠋ ᠭᠦᠸᠧ ᠳ᠋ᠦᠩ᠂ ᠶᠠᠩ ᠵᠢᠶᠠᠨ ᠵᠢᠶᠦ᠋ᠨ᠂ ᠶᠠᠩ ᠶᠦᠩ᠂ ᠰᠦᠨ ᠰᠢ ᠯᠢᠨ᠂ ᠪᠥᠬᠡᠵᠢᠯ᠂ ᠵᠤᠤ ᠷᠦᠢ ᠵᠢᠶᠦ᠋ᠨ ᠬᠤᠷᠠᠯ ᠳᠤ ᠣᠷᠣᠯᠴᠠᠪᠠ᠃            
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1