ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2025/2/25
         ᠬᠠᠲᠤᠨ ᠭᠤᠣᠯ ︵ᠳ᠋ᠦᠩ ᠾᠧ ᠲᠣᠭᠤᠷᠢᠭ ᠤᠨ ᠬᠡᠰᠡᠭ︶ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠵᠠᠷᠯᠠᠯ            ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ ︽ᠪᠤᠭᠤᠲᠤ ᠬᠤᠲᠠ ᠶᠢᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠬᠠᠲᠤᠨ ᠭᠤᠤᠯ ︵ᠳ᠋ᠦᠩ ᠾᠧ ᠲᠣᠭᠤᠷᠢᠭ ᠤᠨ ᠬᠡᠰᠡᠭ︶ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠵᠡᠷᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ      ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2025 ᠣᠨ ᠳᠤ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠤᠨ ᠴᠢᠭᠯᠡᠯᠲᠦ ᠬᠡᠮᠵᠢᠭᠳᠡᠭᠦᠨ ᠤ ᠲᠤᠭ᠎ᠠ ᠪᠠᠷᠢᠮᠲᠠ ᠶᠢ ᠦᠨᠳᠦᠰᠦᠯᠡᠨ᠂ ᠮᠠᠨ ᠤ ᠲᠣᠭᠤᠷᠢᠭ ᠵᠠᠭᠠᠭ ᠪᠠᠭᠠᠨ᠎ᠠ ᠶᠢᠨ ᠬᠡᠯᠪᠡᠷᠢ ᠪᠠᠷ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠱᠤᠭᠤᠮ ᠪᠠᠶᠢᠷᠢᠯᠠᠭᠤᠯᠵᠤ᠂ ᠲᠠᠩ ᠭᠠᠵᠠᠷ ᠤᠨ ᠭᠤᠣᠯ ᠭᠤᠯᠳᠤᠩ ᠤᠨ ᠲᠥᠪ ᠠᠴᠠ ᠭᠠᠳᠠᠨ᠎ᠠ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ᠱᠤᠭᠤᠮ ᠤᠨ ᠬᠤᠭᠤᠷᠣᠨᠳᠣᠬᠢ ᠣᠷᠣᠨ ᠪᠦᠰᠡ ᠳᠤ ᠲᠠᠷᠢᠮᠠᠯ ᠲᠠᠷᠢᠬᠤ ᠲᠠᠯᠠᠪᠠᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠥᠨᠳᠥᠷ ᠡᠰᠢᠲᠦ ᠲᠠᠷᠢᠮᠠᠯ ︵ᠵᠢᠱᠢᠶᠡᠯᠡᠪᠡᠯ ᠡᠷᠳᠡᠨᠢ ᠰᠢᠰᠢ᠂ ᠨᠡᠷᠡᠨ ᠬᠤᠸᠠᠷ᠂ ᠰᠢᠰᠢ ᠵᠡᠷᠭᠡ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠡᠪᠡᠰᠦ ᠠᠷᠢᠯᠭᠠᠭᠴᠢ ᠵᠡᠷᠭᠡ ᠣᠯᠠᠨ ᠡᠬᠢᠲᠦ ᠪᠣᠬᠢᠷᠲᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠥᠨᠳᠥᠷ ᠲᠠᠩ ᠤᠨ ᠣᠷᠣᠨ ᠳᠤ ᠬᠢᠮᠢ ᠶᠢᠨ ᠪᠣᠷᠲᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠵᠡᠷᠭᠡ ᠶᠢᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠣᠷᠭᠠᠨᠢᠭ ᠪᠣᠷᠲᠣᠭᠤᠷ ᠬᠡᠷᠡᠭᠯᠡᠬᠦ ᠶᠢ ᠢᠳᠡᠪᠬᠢᠲᠡᠶ ᠳᠡᠯᠭᠡᠷᠡᠭᠦᠯᠵᠦ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃     ᠬᠤᠶᠠᠷ᠂ ᠡᠯ᠎ᠡ ᠲᠥᠷᠥᠯ ᠤᠨ ᠭᠤᠣᠯ ᠮᠥᠷᠡᠨ ᠳᠤ ᠬᠤᠯᠪᠣᠭᠳᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ      ᠬᠠᠲᠤᠨ ᠭᠤᠤᠯ ︵ᠳ᠋ᠦᠩ ᠾᠧ ᠲᠣᠭᠤᠷᠢᠭ ᠤᠨ ᠬᠡᠰᠡᠭ︶ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠡᠷᠬᠡ ᠶᠢ ᠨᠤᠲᠠᠯᠠᠨ ᠲᠣᠭᠲᠠᠭᠠᠭᠰᠠᠨ ᠲᠠᠷᠢᠶᠠᠨ ᠭᠠᠵᠠᠷ᠂ ᠡᠩ ᠤᠨ ᠲᠠᠷᠢᠶᠠᠨ ᠭᠠᠵᠠᠷ᠂ ᠲᠠᠷᠢᠮᠠᠯ ᠤᠨ ᠵᠦᠢᠯ ᠳᠠᠷᠢᠬᠤ ᠲᠠᠯᠠᠪᠠᠶ ᠵᠢᠴᠢ ᠬᠡᠷ ᠪᠠᠶᠢᠰᠢᠩ ᠵᠡᠷᠭᠡ ᠬᠠᠮᠢᠶ᠎ᠠ ᠪᠥᠬᠦᠶ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠠᠴᠠ ᠭᠠᠳᠠᠨ᠎ᠠ᠂ ᠬᠠᠲᠤᠨ ᠭᠤᠣᠯ ︵ᠳ᠋ᠦᠩ ᠾᠧ ᠲᠣᠭᠤᠷᠢᠭ︶ ᠶᠢᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠣᠭᠰᠣᠭᠠᠨ᠎ᠠ᠃ ᠡᠯ᠎ᠡ ᠵᠦᠢᠯ ᠤᠨ ᠨᠡᠷ᠎ᠡ ᠪᠠᠷ ᠭᠤᠣᠯ ᠤᠨ ᠵᠠᠮ ᠢ ᠬᠦᠷᠢᠶᠡᠯᠡᠨ ᠬᠠᠭᠠᠯᠪᠤᠷᠢᠯᠠᠬᠤ᠂ ᠲᠣᠭᠲᠠᠭᠠᠯ ᠠᠴᠠ ᠵᠥᠷᠢᠴᠡᠨ ᠤᠰᠤ ᠠᠪᠬᠤ ᠶᠢ ᠴᠢᠩᠭ᠎ᠠ ᠴᠠᠭᠠᠵᠠᠯᠠᠵᠤ᠂ ᠦᠢᠯᠡᠳᠪᠦᠷᠢᠯᠡᠯ ᠤᠨ ᠬᠠᠰᠢᠯᠭ᠎ᠠ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠂ ᠵᠢᠭᠠᠰᠤᠨ ᠴᠥᠭᠦᠷᠥᠮ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ ᠲᠥᠬᠦᠭᠡᠷᠦᠮᠵᠢ ᠶᠢ ᠮᠠᠯᠲᠠᠵᠤ ᠪᠣᠯᠬᠤ ᠦᠭᠡᠢ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠠᠭᠤᠷᠬᠠᠢ ᠮᠠᠯᠲᠠᠬᠤ᠂ ᠪᠤᠯᠠᠰᠢ ᠪᠤᠯᠠᠰᠢᠯᠠᠬᠤ᠂ ᠰᠢᠷᠣᠶ ᠠᠪᠬᠤ᠂ ᠡᠯᠡᠰᠦ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠠᠷᠢᠬᠤ ᠵᠡᠷᠭᠡ ᠭᠤᠣᠯ ᠤᠨ ᠵᠠᠮ ᠤᠨ ᠤᠰᠤᠨ ᠣᠷᠣᠨ ᠤ ᠡᠷᠭᠢ ᠶᠢᠨ ᠱᠤᠭᠤᠮ ᠵᠢᠴᠢ ᠵᠣᠷᠢᠭᠤᠳᠠ ᠰᠠᠭᠠᠳ ᠭᠠᠷᠭᠠᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ ᠲᠣᠭᠲᠠᠮᠠᠯ᠂ ᠰᠢᠯᠵᠢᠮᠡᠯ᠂ ᠲᠦᠷ ᠴᠠᠭ ᠤᠨ ᠪᠠᠷᠢᠯᠭ᠎ᠠ ᠪᠠ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠠ ᠵᠣᠭᠰᠣᠭᠠᠵᠤ ᠪᠣᠯᠬᠤ ᠦᠭᠡᠢ᠃ ᠭᠠᠳᠠᠭᠰᠢᠯᠠᠭᠤᠯᠬᠤ ᠪᠠᠷᠢᠮᠵᠢᠶ᠎ᠠ ᠳᠤ ᠥᠯᠥ ᠬᠦᠷᠬᠦ ᠠᠮᠢᠳᠤᠷᠠᠯ ᠤᠨ ᠪᠣᠬᠢᠷ ᠤᠰᠤ᠂ ᠲᠡᠵᠢᠭᠡᠨ ᠦᠷᠡᠵᠢᠭᠦᠯᠬᠦ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠭᠤᠣᠯ ᠤᠨ ᠵᠠᠮ ᠳᠤ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃     ᠭᠤᠷᠪᠠ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ      ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠪᠥᠬᠦ ᠲᠠᠯ᠎ᠠ ᠪᠠᠷ ᠴᠢᠩᠭᠠᠳᠬᠠᠵᠤ᠂ ᠢᠯᠠᠩᠭᠤᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭᠠᠨ ᠳᠤ᠂ ᠪᠥᠬᠦ ᠶᠠᠪᠤᠴᠠ ᠪᠠᠷ᠂ ᠪᠦᠬᠦᠨ ᠢ ᠬᠠᠮᠤᠷᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠥᠨᠳᠥᠷ ᠡᠰᠢᠲᠦ ᠲᠠᠷᠢᠮᠠᠯ ᠳᠠᠷᠢᠬᠤ ᠵᠢᠴᠢ ᠲᠠᠷᠢᠶᠠᠨ ᠡᠮ᠂ ᠬᠢᠮᠢ ᠶᠢᠨ ᠪᠣᠷᠲᠣᠭᠤᠷ ᠬᠡᠷᠡᠭᠯᠡᠬᠦ ᠦᠢᠯᠡ ᠠᠵᠢᠯᠯᠠᠭ᠎ᠠ ᠶᠢ ᠲᠡᠷᠡ ᠳᠠᠷᠤᠶ ᠳᠤᠨᠢ ᠵᠢᠭᠰᠠᠭᠠᠨ ᠪᠠᠶᠢᠴᠠᠭᠠᠵᠤ᠂ ᠲᠣᠰ ᠵᠠᠷᠯᠠᠯ ᠤᠨ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠵᠣᠬᠢᠬᠤ ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠶ᠃ ᠬᠠᠮᠢᠶᠠᠷᠤᠯᠲᠠ ᠶᠢ ᠳᠠᠭᠠᠬᠤ ᠦᠭᠡᠢ᠂ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠦᠷ᠎ᠡ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠵᠢᠴᠢ ᠲᠣᠭᠲᠠᠭᠠᠯ ᠠᠴᠠ ᠵᠥᠷᠢᠴᠡᠭᠰᠡᠨ ᠭᠤᠤᠯ ᠮᠥᠷᠡᠨ ᠳᠤ ᠬᠤᠯᠪᠣᠭᠳᠠᠬᠤ ᠪᠤᠰᠤᠳ ᠠᠵᠢᠯᠯᠠᠭ᠎ᠠ ᠪᠦᠬᠦᠨ ᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠥᠮᠦᠨ ᠨᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠷᠭᠠᠭᠰᠠᠨ ᠠᠯᠢᠪᠠ ᠬᠤᠬᠢᠷᠠᠯ ᠢ ᠴᠥᠮ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠬᠥᠮᠦᠨ ᠥᠪᠡᠷ ᠢᠶᠠᠷ ᠨᠢ ᠡᠭᠦᠷᠭᠡᠯᠡᠨ᠎ᠡ᠃     ᠳᠥᠷᠪᠡ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ      ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠠᠷᠢᠶᠠᠴᠢᠨ ᠡᠷᠦᠬᠡ ᠶᠢᠨ ᠲᠠᠩ ᠭᠠᠵᠠᠷ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠬᠤ ᠬᠡᠷᠡᠭᠲᠡᠶ᠃ ᠾᠧ ᠳ᠋ᠦᠩ ᠪᠠᠯᠭᠠᠰᠤ᠂ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤᠬᠠᠭᠤᠯᠵᠤ ᠬᠥᠲᠥᠯᠦᠨ ᠵᠢᠯᠣᠭᠤᠳᠬᠤ ᠪᠠᠨ ᠦᠨᠡᠨ ᠬᠦ ᠴᠢᠩᠭᠠᠳᠬᠠᠵᠤ᠂ ᠸᠢᠴᠠᠲ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠥᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠣᠯᠠᠨ ᠶᠠᠩᠵᠤ ᠬᠡᠯᠪᠡᠷᠢ ᠶᠢᠨ ᠠᠷᠭ᠎ᠠ ᠮᠠᠶ᠋ᠢᠭ ᠢ ᠠᠪᠴᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠳᠠᠷᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠭᠦᠨᠵᠡᠭᠡᠶ ᠨᠠᠷᠢᠯᠢᠭ ᠰᠠᠶᠢᠲᠤᠷ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠢᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃     ᠲᠠᠪᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ      ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠲᠠᠷᠢᠬᠤ ᠶᠢ ᠴᠠᠭᠠᠵᠠᠯᠠᠬᠤ ᠬᠡᠪᠴᠢᠶᠡᠨ ᠳᠣᠲᠣᠷ᠎ᠠ ᠵᠠᠷᠯᠠᠯ ᠢ ᠵᠥᠷᠢᠴᠡᠭᠰᠡᠨ ᠠᠵᠢᠯᠯᠠᠭ᠎ᠠ ᠶᠢ ᠣᠯᠵᠤ ᠮᠠᠲᠠᠪᠠᠯ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠪᠠᠶᠢᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠦᠨ᠎ᠡ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠢᠯᠡᠴᠢᠯᠡᠨ ᠮᠡᠳᠡᠭᠦᠯᠬᠦ ᠤᠲᠠᠰᠤ᠄      ᠳ᠋ᠦᠩ ᠾᠧ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      0472-4388218      ᠾᠧ ᠳ᠋ᠦᠩ ᠪᠠᠯᠭᠠᠰᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      0472-6963811      ᠰᠠᠷᠠᠴᠢᠨ ᠪᠠᠯᠭᠠᠰᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      0472-4908880          ᠡᠭᠦᠨ ᠤ ᠲᠤᠯᠠ ᠣᠨᠴᠠᠭᠠᠶᠢᠯᠠᠨ ᠵᠠᠷᠯᠠᠪᠠ᠃                     ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                     2025 ᠣᠨ ᠤ 2 ᠰᠠᠷ᠎ᠠ ᠶᠢᠨ 20 ᠤ ᠡᠳᠦᠷ
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1