ᠪᠠᠷᠢᠯᠭ᠎ᠠ ᠶᠢᠨ ᠬᠤᠭ ᠨᠣᠪᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ  ᠬᠤᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/2/25
     ᠳ᠋ᠦᠩ ᠾᠧ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠠᠯᠳᠠᠭᠤᠷ ᠲᠠᠲᠠᠬᠤ ᠵᠡᠷᠭᠡ ᠲᠣᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠳᠠᠲᠠᠶ ᠠᠵᠢᠯᠯᠠᠬᠤ ᠶᠢ ᠬᠦᠴᠦᠲᠡᠶ ᠠᠳᠬᠤᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ ᠰᠢᠨ᠎ᠡ ᠰᠡᠳᠬᠢᠴᠡ ᠪᠠ ᠰᠢᠨ᠎ᠡ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠪᠠ᠃      ᠨᠢᠭᠡ ᠳᠤ᠂ ᠵᠠᠷᠯᠠᠯ ᠲᠠᠷᠬᠠᠭᠠᠵᠤ᠂ ᠠᠵᠢᠯ ᠤᠨ ᠰᠠᠭᠤᠷᠢ ᠶᠢ ᠪᠠᠲᠤᠳᠬᠠᠪᠠ᠃ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠢ ᠣᠳᠣᠬᠠᠨ ᠤ ᠴᠢᠬᠤᠯᠠ ᠠᠵᠢᠯ ᠪᠣᠯᠭᠠᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠵᠠᠷᠯᠠᠯ︾ ᠢ ᠨᠡᠶᠢᠲᠡᠯᠡᠵᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠤᠨ ᠶᠠᠪᠤᠴᠠ ᠶᠢᠨ ᠴᠤᠪᠤᠷᠠᠯ ᠢ ᠵᠢᠷᠤᠮᠵᠢᠭᠤᠯᠤᠨ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠡᠭᠦᠨ ᠤ ᠬᠠᠮᠲᠤ᠂ ᠡᠯ᠎ᠡ ᠳᠤᠮᠳᠠ ᠠᠩᠭᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠶᠠᠲᠤ ᠣᠷᠣᠨ ᠤ ᠪᠠᠷᠢᠯᠭ᠎ᠠ ᠶᠢᠨ ᠬᠤᠭ ᠨᠣᠪᠰᠢ ᠶᠢ ᠬᠠᠶᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠵᠢᠯᠯᠠᠭ᠎ᠠ ᠶᠢᠨ ᠲᠠᠯ᠎ᠠ ᠪᠠᠷ ᠨᠠᠷᠢᠯᠢᠭ ᠣᠨᠣᠴᠠᠲᠠᠶ ᠪᠥᠭᠡᠳ ᠬᠦᠴᠦᠲᠡᠶ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠪᠣᠶ ᠪᠣᠯᠭᠠᠵᠤ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠢ ᠦᠷ᠎ᠡ ᠪᠦᠲᠦᠮᠵᠢ ᠲᠠᠢ᠂ ᠳᠡᠭᠲᠡᠷ ᠲᠤ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠶᠠᠷ ᠲᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠳᠤᠮᠳᠠ ᠠᠩᠭᠢ ︽ᠴᠠᠭ ᠵᠥᠷᠢᠭᠦᠯᠦᠨ ᠲᠣᠭᠤᠷᠢᠨ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠬᠦᠷᠡᠯ ᠰᠢᠯᠢ ᠶᠢᠨ ᠬᠠᠭᠤᠴᠢᠨ ᠲᠣᠭᠤᠷᠢᠭ ᠵᠢᠴᠢ ᠣᠶᠢᠷ᠎ᠠ ᠬᠠᠪᠢ ᠶᠢᠨ ᠵᠠᠮ ᠤᠨ ᠪᠠᠷᠢᠯᠭ᠎ᠠ ᠶᠢᠨ ᠬᠤᠭ ᠨᠣᠪᠰᠢ ᠶᠢ ᠬᠢᠨᠠᠨ ᠬᠠᠮᠢᠶᠠᠷᠬᠤ ᠠᠵᠢᠯ ᠢ ᠪᠣᠳᠠᠲᠠᠶ ᠬᠠᠷᠢᠭᠤᠴᠠᠵᠤ᠂ ᠣᠶᠢᠷ᠎ᠠ ᠬᠠᠪᠢ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠶᠢᠨ ᠲᠡᠭᠡᠭᠡᠪᠦᠷᠢ ᠶᠢᠨ ᠡᠬᠢᠯᠡᠯᠲᠡ᠂ ᠱᠤᠭᠤᠮ ᠢ ᠴᠠᠭ ᠲᠤᠬᠠᠶ ᠳᠤᠨᠢ ᠡᠵᠡᠮᠳᠡᠵᠦ᠂ ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠲᠣᠭᠲᠠᠭᠰᠠᠨ ᠵᠠᠮ ᠱᠤᠭᠤᠮ᠂ ᠴᠠᠭ ᠤᠨ ᠶᠣᠰᠣᠭᠠᠷ ᠪᠠᠷᠢᠯᠭ᠎ᠠ ᠶᠢᠨ ᠬᠤᠭ ᠨᠣᠪᠰᠢ ᠶᠢ ᠲᠣᠭᠲᠠᠭᠰᠠᠨ ᠭᠠᠵᠠᠷ ᠲᠤ ᠲᠡᠭᠡᠭᠡᠪᠦᠷᠢᠯᠡᠨ ᠬᠦᠷᠭᠡᠨ᠎ᠡ᠃      ᠭᠤᠷᠪᠠ ᠳᠤ᠂ ᠠᠵᠢᠯᠲᠠᠨ ᠢ ᠨᠡᠮᠡᠨ ᠲᠣᠮᠢᠯᠠᠵᠤ ᠲᠡᠭᠡᠭᠡᠪᠦᠷᠢ ᠶᠢᠨ ᠲᠡᠷᠭᠡ ᠶᠢ ᠴᠢᠩᠭ᠎ᠠ ᠬᠠᠮᠢᠶᠠᠷᠤᠨ ᠡᠵᠡᠮᠳᠡᠪᠡ ᠃ ᠡᠳᠦᠷ ᠪᠦᠷᠢ 50 ᠭᠠᠷᠤᠶ ᠬᠥᠮᠦᠨ ᠤᠳᠠᠭ᠎ᠠ ᠬᠥᠳᠡᠯᠭᠡᠵᠦ᠂ ᠬᠤᠲᠠ ᠶᠢᠨ ᠲᠣᠭᠤᠷᠢᠭ ᠤᠨ ᠡᠯ᠎ᠡ ᠵᠠᠮ ᠤᠨ ᠬᠡᠰᠡᠭ ᠤᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ᠂ ᠲᠡᠷᠭᠡᠨ ᠤ ᠳᠦᠷᠰᠦ ᠪᠠᠶᠢᠳᠠᠯ᠂ ᠲᠡᠷᠭᠡᠨ ᠤ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠬᠤᠭ ᠨᠣᠪᠰᠢ ᠶᠢᠨ ᠲᠡᠷᠭᠡ ᠶᠢᠨ ︽ᠠᠰᠬᠠᠬᠤ︾ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ 8 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠨᠡᠶᠢᠲᠡ 127 ᠮᠠᠰᠢᠨ ᠲᠡᠷᠭᠡ ᠶᠢ ᠪᠠᠶᠢᠴᠠᠭᠠᠵᠤ᠂ ᠡᠭᠦᠨ ᠳᠤ 41 ᠮᠠᠰᠢᠨ ᠲᠡᠷᠭᠡ ᠪᠠᠷ ᠰᠢᠳᠬᠡᠪᠡ᠃      ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠪᠠᠶᠢᠩᠭᠤ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠡᠬᠢ ᠡᠭᠦᠰᠦᠯ ᠢ ᠨᠢ ᠮᠥᠷᠳᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠢᠨᠠᠨ ᠵᠥᠪᠰᠢᠶᠡᠷᠡᠭᠦᠯᠦᠭᠡᠳᠦᠶ ᠪᠠᠷ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠰᠢᠢᠳᠪᠦᠷᠢᠯᠡᠬᠦ᠂ ᠬᠤᠯᠠᠭᠠᠶᠢᠯᠠᠨ ᠵᠥᠭᠡᠭᠡᠪᠦᠷᠢᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠡᠪᠡᠷ ᠴᠡᠮᠴᠡᠭᠡᠷ᠂ ᠠᠮᠤᠷ ᠲᠦᠪᠰᠢᠨ ᠡᠮᠬᠢ ᠵᠢᠷᠤᠮ ᠲᠠᠢ ᠬᠤᠲᠠ ᠶᠢᠨ ᠦᠵᠡᠮᠵᠢ ᠶᠢᠨ ᠡᠮᠬᠢ ᠵᠢᠷᠤᠮ ᠪᠠ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1