ᠵᠡᠭᠦᠨ ᠦᠷᠲᠡᠭᠡ ᠵᠡᠭᠡᠯᠢ ᠭᠤᠳᠤᠮᠵᠢ ᠶᠢᠨ ᠢᠯᠴᠢ ᠬᠠᠩᠭᠠᠬᠤ ︽ᠬᠠᠯᠠᠮᠵᠢ ᠶᠢᠨ ᠺᠠᠷᠲ︾ ᠰᠠᠭᠤᠭᠠᠯᠢ ᠠᠷᠠᠳ ᠲᠤ ᠦᠢᠯᠡᠴᠢᠯᠡᠪᠡ
ᠨᠡᠶᠢᠲᠡᠯᠡᠭᠰᠡᠨ ᠴᠠᠭ᠄
2025/2/26
   ᠲᠦᠷᠦᠭᠦᠬᠡᠨ᠂  ᠵᠡᠭᠦᠨ ᠦᠷᠲᠡᠭᠡ ᠵᠡᠭᠡᠯᠢ ᠭᠤᠳᠤᠮᠵᠢ ᠶᠢᠨ ᠭᠦᠩ ᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷ ᠲᠤ ᠭᠡᠨᠡᠳᠲᠡ ᠳᠤᠯᠠᠭᠠᠨ ᠤ ᠬᠡᠮᠵᠢᠶ᠎ᠡ ᠥᠬᠡᠶ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠲᠠᠷᠬᠠᠭᠠᠭᠰᠠᠨ ︽ᠬᠠᠶᠢᠷ᠎ᠠ ᠬᠠᠯᠠᠮᠵᠢ ᠶᠢᠨ ᠺᠠᠷᠲ︾ ᠤᠨ ᠬᠠᠷᠢᠯᠴᠠᠬᠤ ᠤᠲᠠᠰᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠠᠵᠢᠯᠲᠠᠳ  ᠳᠤ ᠳᠠᠷᠤᠶ ᠲᠦᠷᠭᠡᠨ ᠬᠠᠷᠢᠭᠤ ᠲᠤᠰᠬᠠᠵᠤ᠂ ᠠᠵᠢᠯᠲᠠᠳ ᠲᠡᠷᠡ ᠳᠠᠷᠤᠶ ᠳᠤᠨᠢ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠢᠯᠴᠢ ᠬᠠᠩᠭᠠᠬᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠣᠯᠠᠨ ᠤᠳᠠᠭ᠎ᠠ ᠨᠡᠪᠲᠡᠷᠡᠯᠴᠡᠨ ᠵᠣᠬᠢᠴᠠᠭᠤᠯᠵᠤ᠂ 12 ᠴᠠᠭ ᠤᠨ ᠳᠣᠲᠣᠷ᠎ᠠ ᠢᠯᠴᠢ ᠬᠠᠩᠭᠠᠬᠤ ᠶᠢ ᠠᠮᠵᠢᠯᠲᠠ ᠲᠠᠢ ᠰᠡᠷᠭᠦᠭᠡᠪᠡ᠃
   ᠨᠢᠭᠡ ᠬᠠᠭᠤᠳᠠᠰᠤ ᠵᠢᠵᠢᠭᠬᠡᠨ ᠺᠠᠷᠲ ᠨᠢ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠢᠲᠡᠭᠡᠮᠵᠢ ᠶᠢᠨ ᠬᠥᠭᠦᠷᠭᠡ ᠶᠢ ᠠᠮᠵᠢᠯᠲᠠ ᠲᠠᠢ ᠪᠠᠢᠭᠤᠯᠪᠠ᠃ ᠣᠶᠢᠯᠠᠭᠠᠭᠰᠠᠨ ᠢᠶᠠᠷ᠂ ︽ᠳᠤᠯᠠᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠠᠴᠠ ᠨᠠᠰᠢ᠂ ᠭᠦᠩ ᠢ ᠨᠡᠶᠢᠭᠡᠮ ᠲᠣᠭᠤᠷᠢᠭ ᠲᠤ ᠢᠯᠴᠢ ᠬᠠᠩᠭᠠᠬᠤ ᠦᠢᠯᠡᠴᠢᠯᠡᠭᠡᠨ ᠤ ︽ᠬᠠᠶᠢᠷ᠎ᠠ ᠬᠠᠯᠠᠮᠵᠢ ᠶᠢᠨ ᠺᠠᠷᠲ︾ ᠢ ᠪᠠᠶᠢᠭᠤᠯᠵᠤ᠂ ᠨᠡᠶᠢᠭᠡᠮ ᠲᠣᠭᠤᠷᠢᠭ᠂ ᠠᠳᠠᠯ ᠠᠬᠤᠶ᠂ ᠢᠯᠴᠢ ᠴᠠᠬᠢᠯᠭᠠᠨ ᠤ ᠬᠠᠷᠢᠭᠤᠴᠠᠯᠭᠠᠲᠠᠨ ᠤ ᠬᠠᠷᠢᠯᠴᠠᠬᠤ ᠠᠷᠭ᠎ᠠ ᠮᠠᠶ᠋ᠢᠭ ᠢ ᠨᠠᠷᠢᠨ ᠲᠣᠳᠣᠷᠬᠠᠶ ᠵᠢᠭᠰᠠᠭᠠᠭᠰᠠᠨ ᠪᠥᠭᠡᠳ ᠰᠠᠭᠤᠭᠠᠯᠢ ᠠᠷᠠᠳ ᠤᠨ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠲᠡᠷᠡ ᠳᠠᠷᠤᠶ ᠳᠤᠨᠢ ᠰᠢᠢᠳᠪᠦᠷᠢᠯᠡᠨ ᠥᠭᠴᠦ᠂ ᠵᠣᠯᠭᠠᠭᠤᠯᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠭᠤᠷᠢ ᠵᠦᠳᠡᠭᠦᠷᠢ ᠶᠢ ᠪᠦᠬᠦᠯᠢ ᠡᠳᠦᠷ ᠢᠶᠠᠷ ᠴᠤᠤᠷᠢᠶᠠᠲᠤᠨ ᠳᠠᠭᠠᠵᠤ᠂ ᠭᠤᠭᠴᠤᠭ᠎ᠠ ᠨᠢᠭᠡᠪᠦᠷᠢ ᠶᠢ ᠠᠩᠬᠠᠷᠤᠨ ᠬᠠᠯᠠᠮᠵᠢᠯᠠᠵᠤ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠪᠠᠰᠠ ︽ᠬᠡᠷᠡᠭ ᠤᠨ ᠳᠠᠷᠠᠭ᠎ᠠ ᠬᠠᠷᠢᠭᠤ ᠰᠤᠷᠪᠤᠯᠵᠢᠯᠠᠬᠤ︾ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠠᠭᠤᠭᠠᠯᠢ ᠠᠷᠠᠳ ᠣᠯᠠᠨ ᠲᠠᠢ ᠬᠠᠷᠢᠯᠴᠠᠬᠤ ᠬᠥᠭᠦᠷᠭᠡ ᠶᠢ ᠪᠤᠰᠬᠠᠵᠤ᠂ ᠢᠯᠴᠢ ᠬᠠᠩᠭᠠᠬᠤ ᠦᠢᠯᠡᠴᠢᠯᠡᠭᠡᠨ ᠤ ︽ᠵᠠᠶ ᠵᠠᠪᠰᠠᠷ ᠥᠬᠡᠶ︾ ᠪᠠᠶᠢᠬᠤ ᠶᠢ ᠪᠡᠶᠡᠯᠡᠭᠦᠯᠪᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1