ᠸᠠᠩ ᠷᠦᠢ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
   2 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠦᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠦᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ᠂ ᠭᠠᠵᠠᠷ ᠰᠢᠷᠣᠢ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠰᠢᠭᠯᠠᠯᠲᠠ ᠳᠤ ᠣᠷᠣᠭᠤᠯᠬᠤ ᠪᠠᠷᠢᠮᠵᠢᠶ᠎ᠠ ᠳᠤ ᠬᠦᠷᠬᠦ ᠶᠢᠨ ︽ᠬᠠᠲᠠᠭᠤ ᠲᠤᠯᠭᠠᠭᠤᠷᠢᠯᠠᠯ︾ ᠢ ᠪᠠᠲᠤ ᠴᠣᠭᠴᠠᠯᠠᠬᠤ ᠬᠡᠷᠡᠭᠲᠡᠢ᠃ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ ᠠᠬᠢᠭᠤᠯᠵᠤ᠂ ᠬᠡᠷᠡᠭᠵᠢᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ︽ᠲᠦᠷᠭᠡᠳᠬᠡᠬᠦ︾ ᠶᠢ ᠬᠦᠴᠦᠯᠡᠨ ᠠᠬᠢᠭᠤᠯᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠴᠢᠩᠭᠠᠳᠬᠠᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ ᠳᠡᠭᠡᠳᠦ ᠳᠤᠤᠷᠠᠳᠤ ᠤᠷᠤᠰᠬᠠᠯ ᠤᠨ ᠢᠵᠢ ᠪᠦᠷᠢᠳᠦᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠲᠣᠭᠤᠷᠢᠨ ᠳᠤ ᠤᠨᠢᠨ ᠳᠡᠭᠡᠷ᠎ᠡ ᠨᠢ ᠦᠢᠯᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠳᠠᠬᠢᠯᠲᠠ ᠬᠥᠩᠭᠡᠨᠴᠠᠭᠠᠨ᠂ ᠴᠣᠯᠭᠤᠷᠠᠨ ᠣᠨᠴᠠ ᠬᠥᠩᠭᠡᠨ ᠴᠠᠭᠠᠨ ᠵᠡᠷᠭᠡ ᠬᠦᠩᠭᠡᠨᠴᠠᠭᠠᠨ ᠤ ᠠᠵᠤ ᠦᠢᠯᠡᠰ ᠤᠨ ᠨᠠᠷᠢᠨ ᠬᠦᠷᠢᠶ᠎ᠡ ᠬᠡᠪᠴᠢᠶ᠎ᠡ ᠶᠢ ᠭᠦᠨᠵᠡᠭᠡᠢ ᠬᠤᠪᠢᠶᠠᠵᠤ᠂ ᠶᠠᠷᠢᠯᠴᠠᠵᠤ ᠪᠠᠶᠢᠭ᠎ᠠ ᠲᠦᠷᠦᠯ ᠵᠦᠢᠯ ᠤᠨ ᠲᠦᠷᠭᠡᠨ ᠭᠠᠷ ᠤᠨ ᠦᠰᠦᠭ ᠵᠢᠷᠤᠬᠤ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠶᠠᠩ ᠵᠢᠶᠠᠨ ᠵᠢᠶᠦ᠋ᠨ᠂ ᠱᠢ ᠶᠠᠨ᠂ ᠯᠢ ᠢ᠂ ᠬᠦᠩᠭᠡᠨᠴᠠᠭᠠᠨ ᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠴᠢᠨ ᠰᠢᠤᠢ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1