ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠷᠠᠭᠤᠯᠤᠨ᠂ | ᠦᠨᠡᠨᠴᠢ ᠢᠲᠡᠭᠡᠮᠵᠢᠲᠡᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ | ᠣᠶᠢᠷ᠎ᠠ ᠳᠤ᠂ ᠶᠠᠩ ᠭᠧ ᠯᠢᠶᠠᠩ ᠵᠡᠭᠡᠯᠢ ᠭᠤᠳᠤᠮᠵᠢ ᠶᠢᠨ ᠠᠨ ᠵᠢᠤᠢ ᠨᠡᠶᠢᠭᠡᠮ ᠲᠣᠭᠤᠷᠢᠭ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠃ | | ᠤᠬᠠᠭᠤᠯᠭ᠎ᠠ ᠶᠢᠨ ᠠᠵᠢᠯᠯᠠᠭ᠎ᠠ ᠳᠤᠮᠳᠠ ᠨᠡᠶᠢᠭᠡᠮ ᠲᠣᠭᠤᠷᠢᠭ ᠤᠨ ᠠᠵᠢᠯᠲᠠᠳ ᠬᠤᠳᠠᠯᠳᠤᠭᠠᠴᠢᠨ ᠡᠷᠦᠬᠡ ᠳᠤ | ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠤᠬᠠᠮᠰᠠᠷ᠂ ᠵᠢᠷᠤᠮᠵᠢᠯ ᠤᠨ ᠤᠬᠠᠮᠰᠠᠷ᠂ ᠶᠠᠰᠤ ᠴᠢᠨᠠᠷ ᠤᠨ ᠦᠵᠡᠯ | ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠢᠳᠡᠪᠬᠢᠲᠡᠶ ᠤᠬᠠᠭᠤᠯᠵᠤ᠂ ᠪᠠᠰᠠ ᠰᠠᠭᠤᠭᠠᠯᠢ ᠠᠷᠠᠳ ᠤᠨ | ᠬᠡᠷ ᠲᠤ ᠭᠦᠨᠵᠡᠭᠡᠶᠢᠷᠡᠨ ᠬᠠᠷᠢᠶᠠᠲᠤ ᠣᠷᠣᠨ ᠤ ᠣᠯᠠᠨ ᠲᠦᠮᠡᠨ ᠳᠤ ᠰᠠᠨᠠᠭᠤᠯᠵᠤ᠂ ᠡᠳᠦᠷ ᠲᠤᠲᠤᠮ ᠤᠨ | ᠠᠮᠢᠳᠤᠷᠠᠯ ᠤᠨ ᠳᠤᠮᠳᠠ ᠢᠲᠡᠭᠡᠮᠵᠢ ᠶᠢ ᠣᠶᠢᠯᠠᠭᠠᠵᠤ᠂ ᠢᠲᠡᠭᠡᠮᠵᠢ ᠶᠢ ᠡᠷᠬᠢᠮᠯᠡᠵᠦ᠂ ᠢᠲᠡᠭᠡᠮᠵᠢ ᠶᠢ ᠰᠠᠬᠢᠵᠤ᠂ | ᠦᠨᠡᠨᠴᠢ ᠢᠲᠡᠭᠡᠮᠵᠢ ᠶᠢᠨ ᠤᠬᠠᠮᠰᠠᠷ ᠢ ᠪᠣᠶ ᠪᠣᠯᠭᠠᠵᠤ᠂ ᠪᠤᠰᠤᠳ ᠤᠨ ᠡᠷᠬᠡ ᠠᠰᠢᠭ ᠢ ᠬᠦᠨᠳᠦᠳᠬᠡᠵᠦ᠂ ᠬᠠᠤᠯᠢ | ᠶᠣᠰᠣᠭᠠᠷ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠵᠤ᠂ ᠡᠯ᠎ᠡ ᠲᠥᠷᠥᠯ ᠤᠨ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠭᠠᠷᠬᠤ ᠠᠴᠠ ᠵᠠᠶᠢᠯᠠᠰᠬᠢᠬᠦ ᠬᠡᠷᠡᠭᠲᠡᠶ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | 20 ᠭᠠᠷᠤᠶ ᠬᠤᠳᠠᠯᠳᠤᠭᠠᠨ ᠤ ᠫᠦᠰᠡ ᠶᠢ ᠰᠤᠷᠪᠤᠯᠵᠢᠯᠠᠵᠤ᠂ ᠬᠤᠳᠠᠯᠳᠤᠭᠠᠨ ᠤ ᠡᠷᠦᠬᠡ᠂ ᠰᠠᠭᠤᠭᠠᠯᠢ ᠠᠷᠠᠳ ᠲᠤ | ᠨᠡᠶᠢᠭᠡᠮ ᠤᠨ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠠᠩ ᠣᠯᠠᠨ ᠬᠥᠮᠦᠨ ᠳᠤ ᠢᠲᠡᠭᠡᠮᠵᠢ ᠲᠠᠢ | ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠣᠶᠢᠯᠠᠭᠠᠭᠤᠯᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠢᠲᠡᠭᠡᠮᠵᠢ ᠶᠢᠨ | ᠵᠢᠷᠤᠮᠵᠢᠯ ᠢ ᠵᠢᠷᠤᠮᠯᠠᠭᠤᠯᠪᠠ᠃ | |