ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠯᠠᠭᠠᠨ ᠠᠨᠠᠷ ᠤᠨ ᠳᠠᠭᠢᠨᠢ ᠶᠢᠨ ᠭᠠᠷ ᠤᠷᠠᠯᠠᠯ ᠤᠨ ᠣᠨᠴᠠᠯᠢᠭᠲᠤ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2025/2/27
   ᠣᠶᠢᠷ᠎ᠠ ᠳᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂  ᠲᠢᠶᠧ ᠰᠢ ᠵᠡᠭᠡᠯᠢ ᠭᠤᠳᠤᠮᠵᠢ ᠶᠢᠨ ᠱᠧᠨ ᠯᠦᠩ ᠨᠡᠶᠢᠭᠡᠮ ᠲᠣᠭᠤᠷᠢᠭ ᠪᠤᠭᠤᠲᠤ ᠬᠤᠲᠠ ᠶᠢᠨ ᠣᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠶᠠᠳᠤᠭᠠᠷ ᠺᠣᠮᠫᠠᠨᠢ ᠲᠠᠢ ᠬᠠᠮᠲᠤᠷᠠᠨ ᠤᠯᠠᠭᠠᠨ ᠠᠨᠠᠷ ᠳᠠᠭᠢᠨᠢ ᠶᠢᠨ ᠬᠤᠪᠢᠯᠭᠠᠨ ᠭᠠᠷ ᠤᠷᠠᠯᠠᠯ ᠤᠨ ᠣᠨᠴᠠᠯᠢᠭᠲᠤ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠨᠠᠷᠢᠨ ᠨᠢᠮᠪᠠᠶ ᠪᠠᠶᠢᠭᠤᠯᠵᠤ᠂ ︽ᠨᠡᠭᠦᠳᠡᠯ ᠴᠣᠩᠬᠤᠪᠴᠢ︾ ᠶᠢᠨ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ︽ᠰᠢᠯᠵᠢᠮᠡᠯ ᠲᠠᠪᠴᠠᠩ︾ ᠢ ᠪᠠᠶᠢᠭᠤᠯᠪᠠ᠃
   ᠣᠨᠴᠠᠯᠢᠭᠲᠤ ᠨᠡᠶᠢᠲᠡ ᠶᠢᠨ ᠮᠠᠰᠢᠨ ᠲᠡᠷᠭᠡ ᠨᠢ ᠲᠦᠯᠬᠢᠭᠦᠷ ᠤᠨ ᠬᠡᠯᠬᠢᠶ᠎ᠡ᠂ ᠵᠢᠵᠢᠭ ᠫᠧᠩᠰᠡᠨ ᠳᠤ ᠵᠠᠶᠢᠯᠠᠬᠤ᠂ ᠡᠩᠭᠡᠷ ᠤᠨ ᠵᠡᠭᠦᠦ᠂ ᠺᠠᠷᠲ ᠲᠠᠷᠬᠠᠭᠠᠬᠤ ᠵᠡᠷᠭᠡ ᠨᠠᠷᠢᠯᠢᠭ ᠰᠠᠶᠢᠬᠠᠨ ᠭᠠᠷ ᠨᠡᠬᠡᠯᠲᠡ ᠶᠢᠨ ᠤᠷᠠᠯᠢᠭ ᠤᠨ ᠪᠦᠲᠦᠭᠡᠯ ᠤᠨ ᠬᠤᠪᠴᠠᠰᠤ ᠵᠠᠰᠠᠯ ᠢᠶᠠᠷ ᠳᠠᠮᠵᠢᠨ᠂ ᠠᠶᠠᠨᠴᠢᠳ ᠬᠤᠶᠠᠷ ᠬᠡᠮᠵᠢᠯᠳᠦ ᠺᠣᠳ᠋ ᠢ ᠰᠢᠷᠪᠢᠬᠦ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠂ ᠪᠠᠰᠠ ᠴᠠᠬᠢᠯᠭᠠᠨ ᠢᠷᠡᠭᠦᠯᠵᠦ ᠪᠠᠶᠢᠭᠠᠳ ᠥᠪᠡᠷ ᠤᠨ ᠲᠤᠰᠬᠠᠶ ᠵᠠᠰᠠᠯ ᠵᠢᠮᠰᠡᠭ ᠤᠨ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠤᠷᠤᠭᠴᠢ ᠡᠯᠰᠡᠬᠦ᠂ ᠭᠠᠷ ᠤᠷᠠᠯᠠᠯ ᠤᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠠᠷᠢᠶᠠᠲᠤ ᠣᠷᠣᠨ ᠤ ᠡᠮᠡᠭᠲᠡᠶᠢᠴᠦᠳ ᠤᠨ ᠠᠵᠢᠯ ᠣᠯᠭᠤᠯᠲᠠ ᠶᠢ ᠳᠠᠶᠢᠴᠢᠯᠠᠵᠤ᠂ ᠨᠡᠶᠢᠭᠡᠮ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠪᠠᠰᠠ ᠰᠠᠭᠤᠳᠠᠯ᠂ ᠵᠢᠵᠢᠭ ᠵᠠᠰᠠᠯ ᠴᠢᠮᠡᠭᠯᠡᠯ ᠤᠨ ᠡᠳ᠋᠂ ᠣᠬᠤᠷ ᠸᠢᠳᠢᠣ᠋ ᠨᠡᠪᠲᠡᠷᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠨᠢᠭᠡ ᠵᠦᠢᠯ ᠤᠨ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1