2 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠡᠰᠡᠭ | ᠰᠤᠷᠭᠠᠭᠤᠯᠢ ᠳᠤ ᠭᠦᠨᠵᠡᠭᠡᠶᠢᠷᠡᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠵᠢᠯ ᠢ | ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ | ᠸᠠᠩ ᠷᠦᠢ ᠤᠷᠢᠳ ᠬᠤᠵᠢᠳ ᠪᠤᠭᠤᠲᠤ ᠬᠤᠲᠠ ᠶᠢᠨ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ᠂ | ᠪᠤᠭᠤᠲᠤ ᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠬᠤᠷᠢᠨ ᠨᠠᠢᠮᠠᠳᠤᠭᠠᠷ | ᠳᠤᠮᠳᠠᠳᠤ ᠰᠤᠷᠭᠠᠭᠤᠯᠢ᠂ ᠪᠤᠭᠤᠲᠤ ᠬᠤᠲᠠ ᠶᠢᠨ ᠳᠥᠴᠢᠳᠦᠭᠡᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ | ᠬᠦᠷᠴᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ᠂ ᠪᠠᠭᠰᠢ ᠶᠢᠨ | ᠲᠣᠬᠢᠷᠠᠭᠤᠯᠤᠯᠲᠠ᠂ ᠬᠢᠴᠢᠶᠡᠯ ᠤᠨ ᠲᠣᠬᠢᠷᠠᠭᠤᠯᠤᠯᠲᠠ᠂ ᠰᠣᠷᠣᠭᠴᠢ ᠶᠢᠨ ᠢᠷᠡᠯᠲᠡ ᠶᠢᠨ ᠪᠠᠶᠢᠳᠠᠯ ᠵᠡᠷᠭᠡ ᠶᠢ ᠨᠠᠷᠢᠨ | ᠣᠶᠢᠯᠠᠭᠠᠵᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ | ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠸᠠᠩ ᠷᠦᠢ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠰᠠᠭᠤᠷᠢ ᠮᠥᠨ᠂ | ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ ᠪᠠᠶᠢᠳᠠᠭ᠃ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ | ᠭᠡᠵᠦ ᠪᠠᠶᠢᠭ᠎ᠠ ᠦᠶ᠎ᠡ ᠳᠤ᠂ ᠡᠯ᠎ᠡ ᠰᠤᠷᠭᠠᠭᠤᠯᠢ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠰᠤᠷᠭᠠᠭᠤᠯᠢ ᠡᠬᠢᠯᠡᠬᠦ ᠡᠯ᠎ᠡ | ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠨᠠᠷᠢᠨ ᠨᠢᠮᠪᠠᠶ ᠰᠠᠶᠢᠲᠤᠷ ᠬᠢᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠴᠡᠪᠡᠷ ᠲᠡᠭᠰᠢ᠂ ᠲᠠᠭᠠᠯᠠᠮᠵᠢᠲᠠᠶ ᠪᠠᠶᠢᠬᠤ ᠶᠢ | ᠪᠠᠲᠤᠯᠠᠵᠤ᠂ ᠲᠣᠭᠲᠠᠭᠤᠨ ᠡᠮᠬᠢ ᠵᠢᠷᠤᠮ ᠲᠠᠢ ᠪᠠᠷ ᠰᠤᠷᠭᠠᠭᠤᠯᠢ ᠡᠬᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠥᠷᠭᠡᠨ ᠤᠯᠠᠨ ᠪᠠᠭᠰᠢ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ | ᠴᠢᠩᠭᠠᠳᠬᠠᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠂ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠦᠨᠡᠨ ᠬᠦ ᠰᠠᠶᠢᠲᠤᠷ ᠡᠷᠬᠢᠯᠡᠬᠦ ᠬᠡᠷᠡᠭᠲᠡᠢ᠃ | ᠰᠤᠷᠭᠠᠭᠤᠯᠢ ᠶᠢᠨ ᠬᠦᠷᠢᠶᠡᠨ ᠤ ᠴᠢᠳᠠᠮᠵᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ︽ᠵᠥᠭᠡᠯᠡᠨ ᠬᠠᠲᠠᠭᠤ ᠲᠣᠨᠤᠭ︾ ᠢ ᠪᠠᠶᠢᠭᠤᠯᠤᠨ ᠬᠦᠴᠦᠷᠬᠡᠭᠵᠢᠭᠦᠯᠵᠦ᠂ ᠮᠠᠨ ᠤ ᠲᠤᠭᠤᠷᠢᠭ ᠤᠨ ᠤᠯᠠᠮᠵᠢᠯᠠᠯᠲᠤ | ᠰᠤᠷᠭᠠᠨ ᠬᠥᠮᠦᠵᠢᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂ ᠨᠠᠷᠠᠲᠤ ᠲᠥᠷᠥᠯ ᠲᠡᠮᠳᠡᠭᠲᠦ ᠰᠤᠷᠭᠠᠭᠤᠯᠢ᠂ | ᠤᠨᠴᠠᠯᠢᠭᠳᠤ ᠰᠤᠷᠭᠠᠭᠤᠯᠢ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠢᠳᠡᠭᠡᠨ᠂ ᠵᠠᠮ ᠬᠠᠷᠢᠯᠴᠠᠭ᠎ᠠ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ | ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠪᠣᠯᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ | ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠭᠤᠯᠢ ᠶᠢᠨ ᠳᠠᠰᠬᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ | ᠬᠢᠴᠢᠶᠡᠯ ᠤᠨ ᠳᠠᠷᠠᠭᠠᠬᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠣᠯᠠᠨ ᠶᠠᠩᠵᠤ ᠶᠢᠨ᠂ ᠥᠪᠡᠷᠮᠢᠴᠡ | ᠣᠨᠴᠠᠯᠢᠭ ᠲᠠᠢ ᠥᠷᠨᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠣᠳᠠᠲᠠᠶ ᠠᠳᠬᠤᠨ᠂ | ᠪᠦᠬᠦᠯᠢ ᠴᠣᠭᠴᠠ ᠶᠢᠨ ᠪᠠᠶᠢᠳᠠᠯ ᠢᠶᠠᠷ ᠡᠳᠦᠷ ᠪᠦᠷᠢ ᠨᠢᠭᠡ ᠵᠢᠯ ᠰᠠᠶᠢᠲᠤᠷ ᠬᠢᠵᠦ᠂ ᠮᠠᠨ ᠤ ᠲᠣᠭᠤᠷᠢᠭ ᠤᠨ ᠰᠤᠷᠭᠠᠨ | ᠬᠥᠮᠦᠵᠢᠯ ᠤᠨ ᠥᠨᠳᠦᠷᠯᠢᠭ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠲᠣᠭᠤᠷᠢᠭ ᠤᠨ ᠤᠳᠤᠷᠢᠳᠤᠯᠭ᠎ᠠ ᠵᠣᠣ ᠷᠦᠢ ᠵᠢᠶᠦ᠋ᠨ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ | ᠬᠡᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠰᠤᠷᠭᠠᠭᠤᠯᠢ ᠶᠢᠨ ᠬᠤᠯᠪᠣᠭᠳᠠᠯ ᠪᠥᠬᠦᠶ | ᠬᠠᠷᠢᠭᠤᠴᠠᠯᠭᠠᠲᠠᠨ ᠨᠥᠬᠦᠳ ᠣᠷᠣᠯᠴᠠᠵᠠᠶ᠃ | |