ᠸᠠᠩ ᠷᠦᠢ ᠠᠵᠤ ᠠᠬᠤᠶᠢᠯᠠᠯ ᠤᠨ ᠡᠯᠧᠮᠧᠨ᠋ᠲ ᠤᠨ ᠪᠠᠲᠤᠯᠠᠭ᠎ᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/6
     2 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠠᠩ ᠷᠦᠢ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠦᠴᠦᠨ ᠵᠦᠢᠯ ᠤᠨ ᠪᠠᠲᠤᠯᠠᠭ᠎ᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ    ᠸᠠᠩ ᠷᠦᠢ ᠤᠷᠢᠳ ᠬᠤᠵᠢᠳ ᠪᠤᠭᠤᠲᠤ ᠶᠢᠨ ᠵᠢᠢ ᠲᠠᠢ ᠬᠤᠪᠣᠷ ᠰᠢᠷᠣᠶ ᠶᠢᠨ ᠬᠥᠩᠭᠡᠨ ᠴᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠲᠡᠮᠦᠷᠯᠢᠭ ᠬᠠᠶᠢᠯᠤᠭᠤᠯᠬᠤ ᠠᠭᠤᠷᠬᠠᠢ ᠶᠢᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠷᠦᠢ ᠶᠢᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠯᠢᠦ ᠾᠧ ᠶᠦᠩ ᠶᠢᠨ ᠪᠣᠭᠤᠳᠠᠯ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃      ᠸᠠᠩ ᠷᠦᠢ ᠬᠡᠯᠡᠬᠦ ᠳᠡᠭᠡᠨ᠂ ᠪᠥᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠡᠳᠡᠨ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠤᠨ ᠪᠠᠶᠢᠳᠠᠯ ᠢᠶᠠᠨ ᠳᠣᠭᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠬᠤ ᠂ ᠲᠥᠷᠥᠯ ᠵᠦᠢᠯ ᠪᠠᠶᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠣᠯᠠᠨ ᠠᠵᠤ ᠠᠬᠤᠶ ᠶᠢᠨ ᠰᠢᠨ᠎ᠡ ᠨᠡᠮᠡᠭᠳᠡᠯ ᠢ ᠪᠤᠶᠢᠵᠢᠭᠤᠯᠵᠤ᠂ ᠪᠥᠬᠦ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠶ᠃ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠨᠢ ︽ᠰᠢᠢᠳᠪᠦᠷᠢᠯᠡᠭᠳᠡᠬᠦᠢ ᠰᠡᠳᠬᠢᠬᠦᠶ︾ ᠶᠢ ᠪᠣᠶ ᠪᠣᠯᠭᠠᠵᠤ᠂ ᠰᠤᠯᠠ ᠪᠠᠶᠢᠬᠤ ᠭᠠᠵᠠᠷ ᠰᠢᠷᠣᠶ᠂ ᠦᠢᠯᠡᠳᠪᠦᠷᠢ ᠶᠢᠨ ᠪᠠᠶᠢᠰᠢᠩ ᠵᠢᠴᠢ ᠦᠷ᠎ᠡ ᠠᠰᠢᠭ ᠢᠶᠠᠷ ᠳᠣᠤᠷ᠎ᠠ ᠬᠡᠷᠡᠭᠯᠡᠬᠦ ᠭᠠᠵᠠᠷ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠨ᠂ ᠰᠠᠯᠠᠭ᠎ᠠ ᠮᠥᠴᠢᠷ ᠤᠳ ᠵᠣᠬᠢᠴᠠᠯᠳᠤᠨ ᠬᠥᠳᠡᠯᠦᠯᠴᠡᠵᠦ᠂ ᠨᠠᠷᠢᠯᠢᠭ ᠣᠨᠣᠴᠠᠲᠠᠶ ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠯᠠ ᠪᠠᠶᠢᠬᠤ ᠬᠠᠳᠠᠭᠠᠯᠠᠯᠲᠠ ᠶᠢᠨ ᠬᠡᠮᠵᠢᠶ᠎ᠡ ᠶᠢ ᠬᠥᠭᠵᠢᠯᠲᠡ ᠶᠢᠨ ᠨᠡᠮᠡᠭᠳᠡᠯ ᠴᠡᠭ ᠪᠣᠯᠭᠠᠨ ᠬᠤᠪᠢᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠡᠯᠧᠮᠧᠨ᠋ᠲ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ ᠪᠠ ᠵᠣᠬᠢᠴᠠᠭᠤᠯᠤᠨ ᠦᠢᠯᠡᠴᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠢ ᠠᠳᠬᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠷᠡᠭᠦᠯ ᠢᠶᠠᠷ ᠬᠥᠭᠵᠢᠬᠦ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠪᠠᠭᠤᠷᠠᠭᠤᠯᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠱᠢ ᠶᠠᠨ᠂ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠤᠳᠤᠷᠢᠳᠤᠯᠭ᠎ᠠ ᠲᠢᠶᠠᠨ ᠶᠦᠩ ᠭᠤᠸᠠᠩ᠂ ᠴᠢᠨ ᠰᠢᠤᠢ ᠸᠧᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠨᠥᠳᠥᠷ  ᠤᠨ ᠳ᠋ᠦᠩ ᠾᠧ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1