ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ | ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠪᠡ᠃ 2024 ᠣᠨ ᠳᠤ᠂ ᠪᠥᠬᠦ | ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 471.7 ᠳ᠋ᠦᠩᠰᠢᠭᠤᠷ | ᠲᠥᠭᠦᠷᠢᠭ ᠲᠤ ᠬᠦᠷᠴᠦ᠂ ᠲᠣᠭᠲᠠᠮᠠᠯ ᠦᠨ᠎ᠡ ᠪᠠᠷ ᠬᠢ ᠠᠴᠠ 7.5% ᠪᠠᠷ ᠨᠡᠮᠡᠭᠳᠡᠨ᠂ 2023 ᠣᠨ ᠤ ᠬᠢ ᠠᠴᠠ | 0.5 ᠵᠠᠭᠤᠨ ᠤ ᠨᠢᠭᠡᠴᠢ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ | ᠵᠠᠰᠠᠬᠤ ᠣᠷᠣᠨ ᠤ 2.5᠂ 1.7 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠵᠠᠭᠤᠨ ᠤ 0.6 | ᠵᠠᠭᠤᠨ ᠤ ᠨᠢᠭᠡᠴᠢ ᠳᠣᠤᠷ᠎ᠠ ᠪᠣᠯᠪᠠ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ | 5.3% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 13.3% ᠪᠠᠷ | ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠠᠵᠤ ᠦᠢᠯᠡᠳᠪᠦᠷᠢ ᠶᠢᠨ ᠥᠢᠯᠡᠳᠪᠦᠷᠢᠯᠡᠯ ᠤᠨ ᠨᠡᠮᠡᠭᠳᠡᠯ ᠤᠨ ᠬᠠᠨᠳᠤᠰᠢ ᠰᠠᠶᠢᠨ᠃ 2024 ᠣᠨ ᠳᠤ᠂ | ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ 2023 ᠣᠨ ᠤ ᠬᠢ ᠠᠴᠠ 4.6 ᠵᠠᠭᠤᠨ ᠤ ᠴᠡᠭ | ᠨᠡᠮᠡᠭᠳᠡᠵᠦ᠂ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 7.8᠂ 6.8 ᠵᠠᠭᠤᠨ ᠤ ᠴᠡᠭ | ᠥᠨᠳᠥᠷ ᠪᠣᠯᠵᠤ᠂ ᠪᠥᠬᠦ ᠬᠤᠲᠠ ᠶᠢᠨ 0.7 ᠵᠠᠭᠤᠨ ᠤ ᠴᠡᠭ ᠠᠴᠠ ᠳᠣᠤᠷ᠎ᠠ ᠪᠣᠯᠪᠠ᠃ | ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ ᠪᠠᠶᠢᠨ᠎ᠠ᠃ 2024 ᠣᠨ ᠳᠤ᠂ ᠪᠥᠬᠦ ᠲᠣᠭᠤᠷᠢᠭ ᠤᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.3% ᠨᠡᠮᠡᠭᠳᠡᠵᠦ᠂ | 2023 ᠣᠨ ᠤ ᠬᠢ ᠠᠴᠠ 8.2 ᠵᠠᠭᠤᠨ ᠤ ᠨᠢᠭᠡᠴᠢ ᠨᠡᠮᠡᠭᠳᠡᠵᠦ᠂ ᠲᠣᠰ ᠲᠣᠰ ᠪᠥᠬᠦ ᠤᠯᠤᠰ᠂ ᠥᠪᠡᠷᠲᠡᠭᠡᠨ | ᠵᠠᠰᠠᠬᠤ ᠣᠷᠣᠨ ᠪᠠ ᠪᠥᠬᠦ ᠬᠤᠲᠠ ᠶᠢᠨ 20.1᠂ 9.7 ᠪᠠ 4.7 ᠵᠠᠭᠤᠨ ᠤ ᠴᠡᠭ ᠥᠨᠳᠥᠷ ᠪᠣᠯᠪᠠ᠃ | ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠲᠣᠭᠲᠠᠭᠤᠨ ᠮᠥᠷᠲᠡᠭᠡᠨ ᠠᠬᠢᠯᠲᠠ ᠲᠠᠢ ᠪᠣᠯᠪᠠ᠃ 2024 ᠣᠨ ᠳᠤ᠂ | ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 205.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ | 1.9᠂ 0.9 ᠪᠠ 0.3 ᠵᠠᠭᠤᠨ ᠤ ᠨᠢᠭᠡᠴᠢ ᠠᠴᠠ ᠥᠨᠳᠥᠷ ᠪᠣᠯᠪᠠ᠃ |