ᠳ᠋ᠦᠩ ᠾᠧ ᠲᠣᠭᠤᠷᠢᠭ ᠤᠨ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ︵ᠲᠤᠭ᠎ᠠ ᠪᠠᠷᠢᠮᠲᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2025/2/6
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠣᠭᠲᠠᠭᠤᠨ ᠳᠡᠭᠡᠭᠰᠢᠯᠡᠪᠡ᠃ 2024 ᠣᠨ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 471.68 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠬᠤᠲᠠ ᠶᠢᠨ ᠳᠥᠷᠪᠡᠳᠦᠭᠡᠷ ᠲᠤ ᠲᠣᠭᠲᠠᠪᠤᠷᠢᠵᠢᠭᠤᠯᠤᠨ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ 2023 ᠤᠨ ︵7︶ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠨᠠᠢᠮᠠᠳᠤᠭᠠᠷ ᠲᠤ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵5%︶᠂ ᠥᠪᠡᠷᠲᠡᠭᠡᠨ ᠵᠠᠰᠠᠬᠤ ᠣᠷᠣᠨ ︵5.8%︶ 2.5᠂ 1.7 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ︵8.1% ᠠᠴᠠ 0.6 ᠵᠠᠭᠤᠨ ᠤ ᠴᠡᠭ ᠳᠣᠤᠷ᠎ᠠ ᠪᠣᠯᠪᠠ᠃      ᠭᠤᠷᠪᠠᠨ ᠠᠵᠤ ᠦᠢᠯᠡᠰ ᠤᠨ ᠪᠦᠲᠦᠴᠡ ᠠᠴᠠ ᠠᠪᠴᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 13.3% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ 2.2᠂ 35.7᠂ 62.1 ᠪᠣᠯᠣᠨ᠎ᠠ᠃      ᠠᠵᠢᠯ ᠲᠥᠷᠥᠯ ᠤᠨ ᠪᠦᠲᠦᠴᠡ ᠠᠴᠠ ᠦᠵᠡᠪᠡᠯ᠂ ᠠᠷᠪᠠᠨ ᠶᠡᠭᠡ ᠠᠵᠢᠯ ᠲᠥᠷᠥᠯ ᠴᠥᠮ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠶᠢᠨ ᠭᠤᠣᠯ ᠲᠤᠯᠭᠠᠭᠤᠷᠢᠯᠠᠯ ᠪᠠᠶᠢᠵᠤ᠂ ᠠᠵᠤ ᠦᠢᠯᠡᠳᠪᠦᠷᠢ ᠶᠢᠨ ᠡᠵᠡᠯᠡᠬᠦ ᠬᠠᠷᠢᠴᠠᠯ ᠨᠢ ᠬᠠᠮᠤᠭ ᠤᠨ ᠶᠡᠭᠡ ᠳᠡᠭᠡᠨ 23.4% ᠪᠠᠶᠢᠵᠤ᠂ ᠨᠡᠮᠡᠭᠳᠡᠯ ᠥᠷᠲᠡᠭ ᠨᠢ 12.8% ᠨᠡᠮᠡᠭᠳᠡᠵᠦ᠂ GDP ᠶᠢᠨ ᠨᠡᠮᠡᠭᠳᠡᠯ ᠢ ᠳᠠᠶᠢᠴᠢᠯᠠᠨ ᠵᠠᠭᠤᠨ ᠤ ᠬᠠᠷᠢᠴᠠᠯ ᠢᠶᠠᠷ 2 ᠨᠡᠮᠡᠭᠳᠡᠪᠡ᠃ ᠪᠠᠷᠢᠯᠭ᠎ᠠ ᠶᠢᠨ ᠦᠢᠯᠡᠰ 12.4% ᠶᠢ ᠡᠵᠡᠯᠡᠵᠦ᠂ ᠨᠡᠮᠡᠭᠳᠡᠯ ᠥᠷᠲᠡᠭ ᠨᠢ 14.3% ᠪᠠᠷ ᠨᠡᠮᠡᠭᠳᠡᠵᠦ᠂ GDP ᠶᠢᠨ ᠨᠡᠮᠡᠭᠳᠡᠯ ᠢ 1.7 ᠵᠠᠭᠤᠨ ᠤ ᠴᠡᠭ ᠳᠠᠶᠢᠴᠢᠯᠠᠵᠠᠢ ᠃ ᠬᠤᠶᠠᠷ ᠶᠡᠭᠡ ᠠᠵᠢᠯ ᠲᠥᠷᠥᠯ ᠠᠵᠤ ᠠᠬᠤᠶ ᠶᠢᠨ ᠨᠡᠮᠡᠭᠳᠡᠯ ᠳᠤ ᠨᠡᠶᠢᠲᠡ ᠲᠠᠪᠤᠨ ᠬᠤᠪᠢ ᠣᠷᠴᠢᠮ ᠬᠤᠪᠢ ᠨᠡᠮᠡᠷᠢ ᠦᠵᠡᠭᠦᠯᠵᠦ᠂ 49.5% ᠳᠤ ᠬᠦᠷᠴᠡᠶ᠃     ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠠᠵᠤ ᠦᠢᠯᠡᠳᠪᠦᠷᠢ ᠶᠢᠨ ᠠᠵᠤ ᠠᠬᠤᠢ ᠲᠠᠰᠤᠷᠠᠯᠲᠠ ᠦᠭᠡᠢ ᠪᠠᠬᠢᠵᠢᠪᠡ᠃ 2024 ᠣᠨ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.6% ᠪᠠᠷ ᠨᠡᠮᠡᠭᠳᠡᠵᠦ᠂ 2023 ᠤᠨ ︵9%︶ ᠲᠠᠢ ᠬᠠᠷᠢᠴᠠᠭᠤᠯᠪᠠᠯ 4.6 ᠵᠠᠭᠤᠨ ᠤ ᠴᠡᠭ ᠳᠡᠭᠡᠭᠰᠢᠯᠡᠵᠦ᠂ ᠪᠥᠬᠦ ᠬᠤᠲᠠ ᠶᠢᠨ ᠳᠣᠯᠣᠳᠤᠭᠠᠷ ᠲᠤ ᠣᠷᠣᠵᠤ᠂ ᠲᠣᠰ ᠲᠣᠰ ᠪᠥᠬᠦ ᠤᠯᠤᠰ ︵5.8%︶᠂ ᠥᠪᠡᠷᠲᠡᠭᠡᠨ ᠵᠠᠰᠠᠬᠤ ᠣᠷᠣᠨ ︵6.8%︶ ᠠᠴᠠ 7.8%᠂ 6.8 ᠵᠠᠭᠤᠨ ᠤ ᠴᠡᠭ ᠥᠨᠳᠥᠷ ᠪᠣᠯᠵᠣ ᠂ ᠪᠥᠬᠦ ᠬᠤᠲᠠ ︵14.3% ᠠᠴᠠ 0.7 ᠵᠠᠭᠤᠨ ᠤ ᠴᠡᠭ ᠳᠤᠤᠷ᠎ᠠ ᠪᠣᠯᠪᠠ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ ᠪᠠᠶᠢᠨ᠎ᠠ᠃ 2024 ᠣᠨ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.3% ᠪᠠᠷ ᠨᠡᠮᠡᠭᠳᠡᠵᠦ᠂ 2023 ᠤᠨ ︵15.1%︶ ᠠᠴᠠ 8.2 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ ᠳᠥᠷᠪᠡᠳᠦᠭᠡᠷ ᠠᠴᠠ ᠲᠣᠰ ᠲᠣᠰ ᠪᠥᠬᠦ ᠤᠯᠤᠰ ︵3.2︶᠂ ᠥᠪᠡᠷᠲᠡᠭᠡᠨ ᠵᠠᠰᠠᠬᠤ ᠣᠷᠣᠨ ︵13.6%︶ ᠪᠠ ᠪᠥᠬᠦ ᠬᠤᠲᠠ ︵18.6%︶ 20.1᠂ 9.7 ᠪᠠ 4.7 ᠵᠠᠭᠤᠨ ᠤ ᠴᠡᠭ ᠥᠨᠳᠥᠷ ᠪᠣᠯᠪᠠ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ      ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠮᠥᠷᠲᠡᠭᠡᠨ ᠠᠬᠢᠯᠲᠠ ᠲᠠᠢ ᠪᠣᠯᠪᠠ᠃ 2024 ᠣᠨ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 205.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ︵4.5︶ ᠪᠠ ᠪᠥᠬᠦ ᠬᠤᠲᠠ ︵5.1︶ 1.9᠂ 0.9 ᠪᠠ 0.3 ᠵᠠᠭᠤᠨ ᠤ ᠨᠢᠭᠡᠴᠢ ᠥᠨᠳᠥᠷ ᠪᠣᠯᠵᠣ᠂ ᠶᠡᠷᠦᠩᠬᠡᠶ ᠬᠡᠮᠵᠢᠶ᠎ᠡ ᠵᠢᠴᠢ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1