ᠳ᠋ᠦᠩ ᠾᠧ ᠲᠣᠭᠤᠷᠢᠭ ᠤᠨ ᠴᠠᠭᠠᠨ ᠰᠠᠷ᠎ᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠣᠯᠪᠠ
ᠨᠡᠶᠢᠲᠡᠯᠡᠭᠰᠡᠨ ᠴᠠᠭ᠄
2025/2/6
     ᠠᠷᠠᠳ ᠤᠨ ᠵᠠᠩ ᠳᠠᠳᠬᠠᠯ ᠤᠨ ᠠᠵᠢᠯᠯᠠᠭ᠎ᠠ ᠨᠢ ᠭᠤᠶᠢᠳᠠ ᠰᠠᠶᠢᠬᠠᠨ ᠪᠠᠶᠢᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠲᠡᠭᠦᠯᠳᠡᠷ ᠪᠠᠶᠢᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠨᠢ ᠵᠤᠭᠠᠴᠠᠭᠰᠠᠳ ᠣᠯᠠᠰᠢᠷᠠᠵᠤ᠂ ᠰᠣᠶᠣᠯ ᠤᠨ ᠵᠡᠭᠡᠯᠢ ᠲᠣᠭᠤᠷᠢᠭ ᠢᠶᠠᠷ ᠳᠠᠭᠤᠯᠠᠨ ᠪᠥᠵᠢᠭᠯᠡᠵᠦ ᠪᠠᠶᠢᠯ᠎ᠠ ᠁ ᠡᠨᠡ ᠵᠢᠯ ᠤᠨ ᠴᠠᠭᠠᠨ ᠰᠠᠷ᠎ᠠ ᠪᠣᠯ ᠰᠣᠶᠣᠯ ᠤᠨ ᠥᠪ ᠢᠶᠠᠷ ᠮᠡᠳᠡᠭᠦᠯᠬᠦ ᠠᠵᠢᠯ ᠠᠮᠵᠢᠯᠲᠠ ᠣᠯᠤᠭᠰᠠᠨ ᠤ ᠳᠠᠷᠠᠭᠠᠬᠢ ᠠᠩᠬᠠᠳᠠᠭᠴᠢ ᠴᠠᠭᠠᠨ ᠰᠠᠷ᠎ᠠ ᠪᠣᠯᠤᠨ᠎ᠠ᠂ ᠳ᠋ᠦᠩ ᠾᠧ ᠲᠣᠭᠤᠷᠢᠭ ᠤᠨ ᠬᠢᠨ  ᠴᠠᠭᠠᠨ ᠰᠠᠷ᠎ᠠ ᠶᠢᠨ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠵᠤ᠂ ᠶᠡᠭᠡ ᠬᠡᠮᠵᠢᠶᠡᠨ ᠤ ᠬᠤᠳᠠ ᠶᠢᠨ ᠠᠷᠠᠳ ᠤᠨ ᠵᠤᠭᠠᠴᠠᠭᠰᠠᠳ ᠢ ᠲᠠᠲᠠᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠳ᠋ᠦᠩ ᠾᠧ ᠲᠣᠭᠤᠷᠢᠭ ᠲᠤ ᠪᠠᠶᠠᠷ ᠤᠨ ᠵᠢᠯ᠂ ᠰᠣᠶᠣᠯ ᠤᠨ ᠵᠢᠯ᠂ ᠵᠤᠭᠠᠴᠠᠯ ᠤᠨ ᠵᠢᠯ ᠢ ᠥᠩᠭᠡᠷᠡᠭᠦᠯᠪᠡ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠳ᠋ᠦᠩ ᠾᠧ ᠲᠣᠭᠤᠷᠢᠭ ᠤᠨ ᠬᠢᠨ ᠨᠡᠶᠢᠲᠡ 90 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 28% ᠪᠠᠷ ᠨᠡᠮᠡᠭᠳᠡᠪᠡ᠃ ᠵᠤᠭᠠᠴᠠᠭᠰᠠᠳ ᠤᠨ ᠶᠡᠷᠦᠩᠬᠡᠶ ᠵᠠᠷᠤᠳᠠᠯ 4.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠪᠡ᠃
    ᠪᠤᠭᠤᠲᠤ ᠬᠤᠲᠠ ᠶᠢᠨ ᠰᠣᠶᠣᠯ ᠤᠨ ᠰᠢᠨ᠎ᠡ ᠪᠡᠯᠭᠡ ᠲᠡᠮᠳᠡᠭ ᠪᠣᠯᠤᠭᠰᠠᠨ ᠤ ᠬᠤᠪᠢ ᠳᠤ᠂ ᠬᠠᠭᠤᠴᠢᠨ ᠪᠤᠭᠤᠲᠤ ᠶᠢᠨ ᠪᠠᠷᠠᠭᠤᠨᠰᠢ ᠨᠡᠭᠦᠳᠡᠯᠯᠡᠬᠦ ᠲᠡᠦᠬᠡ ᠰᠣᠶᠣᠯ ᠤᠨ ᠵᠡᠭᠡᠯᠢ ᠲᠣᠭᠤᠷᠢᠭ ᠠᠷᠠᠳ ᠤᠨ ᠳᠠᠭᠤᠤ᠂ ᠮᠣᠳᠣᠨ ᠬᠥᠯᠲᠦ᠂ ᠪᠦᠰ ᠣᠩᠭᠤᠴᠠ᠂ ᠬᠠᠷᠠᠩᠭ᠎ᠠ ᠬᠡᠩᠭᠡᠷᠭᠡ᠂ ᠬᠢᠲᠠᠳ ᠬᠤᠪᠴᠠᠰᠤᠨ ᠤ ᠦᠵᠡᠭᠦᠯᠦᠯᠭᠡ ᠵᠡᠷᠭᠡ ᠲᠣᠭᠯᠠᠯᠲᠠ ᠭᠠᠷᠭᠠᠵᠤ᠂   ᠴᠠᠭᠠᠨ ᠰᠠᠷ᠎ᠠ ᠶᠢᠨ ᠦᠨᠦᠷ ᠠᠮᠲᠠ ᠶᠢ ᠦᠨᠡᠨ ᠬᠦ ᠰᠡᠷᠭᠦᠭᠡᠵᠦ᠂ ᠵᠢᠯ ᠤᠨ ᠠᠭᠤᠷ ᠠᠮᠢᠰᠭᠤᠯ ᠢ ᠪᠦᠷᠢᠨ ᠭᠦᠢᠴᠡᠳ ᠪᠣᠯᠭᠠᠵᠠᠢ᠃
     ᠪᠤᠭᠤᠲᠤ ᠶᠢᠨ ᠶᠢᠨ ᠠᠯᠲᠠᠨ ᠵᠡᠭᠡᠯᠢ ᠴᠤ ᠠᠳᠠᠯᠢᠬᠠᠨ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠳᠦᠭᠦᠷᠴᠦ᠂ 40 ᠭᠠᠷᠤᠢ ᠵᠦᠢᠯ ᠤᠨ ᠨᠠᠷᠢᠨ ᠨᠢᠮᠪᠠᠢ ᠲᠥᠰᠦᠪᠯᠡᠭᠰᠡᠨ ᠴᠠᠭᠠᠨ ᠰᠠᠷ᠎ᠠ ᠶᠢᠨ ᠠᠵᠢᠯᠯᠠᠭ᠎ᠠ ᠨᠢ ᠬᠤᠳᠠ ᠶᠢᠨ ᠠᠷᠠᠳ ᠵᠤᠭᠠᠴᠠᠭᠰᠠᠳ ᠲᠤ ᠪᠠᠷ᠎ᠠ ᠪᠤᠯᠵᠤ ᠪᠠᠶᠠᠷ ᠤᠨ ᠡᠳᠦᠷ ᠢᠶᠠᠨ ᠪᠠᠶᠠᠷᠯᠠᠨ ᠪᠡᠯᠭᠡᠯᠡᠵᠦ᠂ ᠨᠠᠶᠢᠷ ᠨᠠᠭᠠᠳᠣᠮ᠂ ᠬᠥᠭᠵᠢᠮ ᠤᠨ ᠠᠩᠬᠢ ᠶᠢᠨ ᠲᠣᠭᠯᠠᠯᠲᠠ᠂ ᠤᠯᠤᠰ ᠤᠨ ᠬᠡᠪ ᠰᠤᠷᠲᠠᠯ ᠤᠨ ᠪᠥᠵᠢᠭ ᠁ ᠵᠠᠩ ᠦᠢᠯᠡ ᠶᠢᠨ ᠰᠣᠶᠣᠯ ᠢ ᠤᠳᠤ ᠦᠶ᠎ᠡ ᠶᠢᠨ ᠵᠤᠭᠠᠴᠠᠯ ᠲᠠᠢ ᠭᠦᠨᠵᠡᠭᠡᠢ ᠠᠭᠤᠰᠤᠯᠴᠠᠭᠤᠯᠵᠤ᠂ ᠤᠯᠠᠮᠵᠢᠯᠠᠯᠲᠤ ᠴᠠᠭᠠᠨ ᠰᠠᠷ᠎ᠠ ᠶᠢᠨ ᠦᠨᠦᠷ ᠠᠮᠲᠠ ᠶᠢ ᠬᠠᠳᠠᠭᠠᠯᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠤᠨᠴᠠᠯᠢᠬᠳᠤ ᠵᠢᠵᠢᠭ ᠢᠳᠡᠭᠡᠨ᠂ ᠰᠡᠭᠦᠳᠡᠷ ᠲᠠᠲᠠᠵᠤ ᠺᠠᠷᠲ ᠠᠪᠬᠤ ᠭᠠᠵᠠᠷ ᠨᠢ ᠳ᠋ᠦᠩ ᠾᠧ ᠲᠣᠭᠤᠷᠢᠭ ᠤᠨ ᠵᠠᠩ ᠦᠢᠯᠡ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠪᠡ᠃
     ᠰᠣᠶᠣᠯ ᠬᠢᠭᠡᠳ ᠪᠠᠶᠠᠷ ᠪᠠᠶᠠᠰᠬᠤᠯᠠᠩ ᠬᠤᠣᠰᠯᠠᠭᠰᠠᠨ ᠦᠪᠡᠳᠡᠭᠰᠢ ᠳᠠᠢᠯᠠᠯᠭ᠎ᠠ ᠲᠠᠰᠤᠷᠠᠯᠲᠠ ᠦᠭᠡᠢ ᠲᠣᠭᠯᠠᠯᠲᠠ ᠭᠠᠷᠭᠠᠪᠠ᠃ ᠪᠤᠭᠤᠲᠤ ᠶᠢᠨ ᠤᠯᠠᠭᠠᠨ ᠵᠡᠭᠡᠯᠢ ᠳᠤ᠂ ᠳᠡᠪᠢᠭᠦᠷ ᠪᠥᠵᠢᠭ᠂ ᠵᠡᠭᠡᠯᠢ ᠶᠢᠨ ᠪᠥᠵᠢᠭ ᠤᠨ ᠲᠣᠭᠯᠠᠯᠲᠠ᠂ ᠰᠧᠴᠤᠸᠠᠨ ᠤ ᠨᠢᠭᠤᠷ ᠬᠤᠪᠢᠷᠠᠵᠤ ᠭᠠᠯ ᠣᠷᠭᠢᠯᠤᠭᠤᠯᠤᠭᠰᠠᠨ᠂ ᠮᠣᠷᠢᠨ ᠬᠤᠭᠤᠷ ᠤᠨ ᠲᠣᠭᠯᠠᠯᠲᠠ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠥᠷᠭᠡᠨ ᠣᠯᠠᠨ ᠬᠤᠲᠠ ᠶᠢᠨ ᠠᠷᠠᠳ ᠲᠤ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠴᠠᠭᠠᠨ ᠰᠠᠷ᠎ᠠ ᠶᠢᠨ ᠦᠨᠦᠷ ᠠᠮᠲᠠ ᠶᠢ ᠮᠡᠳᠡᠷᠡᠭᠦᠯᠪᠡ᠃ ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠳᠤ᠂ ᠴᠠᠰᠤᠨ ᠳᠤ ᠭᠤᠯᠭᠤᠬᠤ᠂ ᠮᠥᠰᠥᠨ ᠳᠤ ᠲᠡᠰᠢᠬᠦ᠂ ᠴᠠᠰᠤᠨ ᠳᠡᠭᠡᠷᠡᠬᠢ ᠡᠷᠭᠢᠭᠦᠯ ᠰᠠᠨᠳᠠᠯᠢ᠂ ᠴᠠᠰᠤᠨ ᠳᠡᠭᠡᠷᠡᠬᠢ ᠲᠡᠷᠭᠡ᠂ ᠴᠠᠰᠤᠲᠠᠢ ᠴᠡᠷᠢᠭ ᠤᠨ ᠪᠦᠯᠬᠦᠮ ᠁ ᠴᠠᠰᠤᠲᠤ ᠭᠠᠵᠠᠷ ᠢᠶᠠᠷ ᠲᠣᠭᠯᠠᠬᠤ ᠪᠠᠶᠠᠷ ᠪᠠᠶᠠᠰ ᠢ ᠣᠶᠢᠯᠠᠭᠠᠪᠠ︕ ᠮᠥᠰᠥ ᠴᠠᠰᠤ ᠲᠠᠢ ᠰᠠᠢᠬᠠᠨ ᠬᠦᠷᠢᠶᠡᠯᠡᠩ ᠳᠤ ᠱᠣᠣ ᠪᠤᠭᠤ᠂ ᠲᠡᠮᠡᠭᠡ᠂ ᠬᠤᠨᠢᠨ ᠲᠡᠮᠡᠭᠡ᠂ ᠴᠠ ᠪᠤᠭᠤ ᠵᠡᠷᠭᠡ ᠬᠥᠭᠡᠷᠦᠬᠦᠨ ᠰᠣᠨᠢᠷᠬᠠᠯ ᠲᠠᠢ ᠪᠠᠶᠢᠵᠣ᠂ ᠡᠬᠡ ᠪᠠᠢᠭᠠᠯᠢ ᠶᠢᠨ ᠰᠠᠶᠢᠨ ᠰᠠᠢᠬᠠᠨ ᠪᠠᠶᠢᠳᠠᠯ ᠢ ᠣᠶᠢᠯᠠᠭᠠᠶ᠎ᠠ᠃
     ︽ᠰᠣᠶᠣᠯ︾ ︽ᠪᠣᠳᠠᠰ ᠤᠨ ᠪᠤᠰᠤ ᠰᠣᠶᠣᠯ ᠤᠨ ᠥᠪ︾᠂ ︽ᠠᠷᠠᠳ ᠤᠨ ᠵᠠᠩ ᠳᠠᠳᠬᠠᠯ︾ ᠵᠡᠷᠭᠡ ᠵᠠᠩᠭᠢᠯᠠᠭ᠎ᠠ ᠶᠢᠨ ᠦᠭᠡ ᠶᠢ ᠭᠦᠨᠵᠡᠭᠡᠶ ᠠᠭᠤᠳᠠᠯᠬᠤ ᠪᠠ ᠰᠢᠨ᠎ᠡ ᠶᠢ ᠡᠭᠦᠳᠬᠦ ᠪᠠᠷ ᠳᠠᠮᠵᠢᠨ᠂ ᠳ᠋ᠦᠩ ᠾᠧ ᠲᠣᠭᠤᠷᠢᠭ ᠤᠨ ᠬᠢᠨ 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠨᠢᠭᠡ ᠤᠳᠠᠭᠠᠨ ᠤ ᠠᠷᠠᠳ ᠤᠨ ᠵᠠᠩ ᠵᠠᠩᠰᠢᠯ ᠬᠢᠭᠡᠳ ᠣᠲᠣ ᠦᠶ᠎ᠡ ᠶᠢᠨ ᠠᠭᠤᠰᠤᠯᠴᠠᠯ᠂ ᠴᠠᠭᠠᠨ ᠰᠠᠷ᠎ᠠ ᠶᠢᠨ ᠦᠨᠦᠷ ᠠᠮᠲᠠ ᠬᠢᠭᠡᠳ ᠬᠤᠸᠠᠷ ᠫᠤᠤᠵᠢᠩ ᠬᠠᠮᠲᠤ ᠪᠠᠷ ᠬᠥᠭᠵᠢᠭᠰᠡᠨ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠠᠮᠵᠢᠯᠲᠠ ᠲᠠᠢ ᠪᠠᠶᠢᠭᠤᠯᠵᠤ᠂ ᠬᠤᠲᠠ ᠶᠢᠨ ᠠᠷᠠᠳ ᠤᠨ ᠵᠤᠭᠠᠴᠠᠭᠰᠠᠳ ᠲᠤ ᠤᠳᠬ᠎ᠠ ᠠᠭᠤᠯᠭ᠎ᠠ ᠲᠠᠢ ᠪᠣᠯᠭᠠᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1