2 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ ︵ᠴᠠᠭᠠᠨ ᠰᠠᠷ᠎ᠠ ᠶᠢᠨ ᠰᠢᠨ᠎ᠡ ᠶᠢᠨ 6 ᠠᠴᠠ 7 ᠤ | ᠡᠳᠦᠷ︶ ᠬᠥᠮᠦᠰ ᠤᠨ ᠠᠩᠬᠠᠷᠤᠯ ᠢ ᠲᠠᠲᠠᠭᠰᠠᠨ ︽ᠠᠯᠲᠠᠨ ᠮᠣᠭᠠᠢ ᠮᠢᠷᠠᠯᠵᠠᠨ ᠪᠥᠵᠢᠭᠯᠡᠵᠦ ᠪᠢ ᠪᠣᠭᠤᠲᠣ ᠳᠤ | ᠴᠠᠭᠠᠨ ᠰᠠᠷ᠎ᠠ ᠪᠠᠨ ᠥᠩᠭᠡᠷᠡᠭᠦᠯᠦᠶ᠎ᠡ︾ - ᠪᠤᠭᠤᠲᠤ ᠶᠢᠨ ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ | ᠬᠤᠷᠢᠶ᠎ᠠ ᠶᠢᠨ 2025 ᠣᠨ ᠤ ᠴᠠᠭᠠᠨ ᠰᠠᠷ᠎ᠠ ᠶᠢᠨ ᠨᠠᠶᠢᠷ ᠨᠠᠭᠠᠳᠣᠮ ᠤᠨ ᠳᠡᠯᠭᠡᠨ ᠦᠵᠡᠭᠦᠯᠦᠯᠭᠡ ᠶᠢᠨ | ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠠᠲᠤᠨ ᠭᠤᠣᠯ ᠤᠨ ᠨᠢᠭᠡᠳᠦᠭᠡᠷ ᠲᠣᠰᠬᠤᠨ ᠳᠤ ᠥᠨᠳᠥᠷᠯᠡᠪᠡ᠃ | ᠪᠥᠬᠦ ᠬᠤᠲᠠ ᠶᠢᠨ 21 ᠲᠥᠯᠥᠭᠡᠯᠡᠭᠴᠢᠳ ᠤᠨ ᠠᠩᠭᠢ ᠲᠣᠰ ᠲᠣᠰ ᠴᠤᠭ ᠵᠢᠪᠬᠤᠭ᠎ᠠ ᠪᠠᠨ ᠪᠠᠳᠠᠷᠠᠭᠤᠯᠵᠤ᠂ | ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠠᠷᠠᠳ ᠤᠨ ᠵᠠᠩ ᠦᠢᠯᠡ ᠶᠢᠨ ᠲᠣᠭᠯᠠᠯᠲᠠ ᠦᠵᠡᠭᠦᠯᠪᠡ᠃ | ᠳ᠋ᠦᠩ ᠾᠧ ᠲᠣᠭᠤᠷᠢᠭ ᠤᠨ ᠨᠠᠷᠢᠨ ᠨᠢᠮᠪᠠᠶ ᠰᠣᠩᠭᠤᠨ ᠭᠠᠷᠭᠠᠭᠰᠠᠨ ᠭᠤᠷᠪᠠᠨ ᠲᠥᠯᠥᠭᠡᠯᠡᠭᠴᠢᠳ ᠤᠨ ᠠᠩᠭᠢ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠯᠠᠪᠳᠠᠭᠤᠨ ᠪᠠᠲᠤᠲᠠᠶ ᠤᠷ᠎ᠠ ᠮᠡᠷᠭᠡᠰᠢᠯ᠂ ᠰᠢᠨ᠎ᠡ | ᠨᠠᠶᠢᠷᠠᠭᠤᠯᠤᠨ ᠵᠢᠭᠰᠠᠭᠠᠬᠤ ᠪᠠ ᠤᠯᠠᠮᠵᠢᠯᠠᠯᠲᠤ ᠰᠣᠶᠣᠯ ᠤᠨ ᠲᠤᠬᠠᠶ ᠭᠦᠨᠵᠡᠭᠡᠶ ᠣᠶᠢᠯᠠᠭᠠᠯᠲᠠ ᠪᠠᠷ ᠤᠷᠤᠯᠳᠤᠭᠠᠨ ᠤ | ᠳᠤᠮᠳᠠ ᠴᠣᠯᠭᠤᠷᠠᠨ ᠭᠠᠷᠪᠠ᠃ ︽ᠠᠯᠲᠠᠨ ᠮᠤᠭᠠᠢ ᠵᠢᠷᠭᠠᠵᠤ ᠴᠠᠭᠠᠨ ᠰᠠᠷ᠎ᠠ ᠪᠠᠨ ᠪᠡᠯᠭᠡᠯᠡᠶ᠎ᠠ︾᠂ ︽ᠮᠤᠭᠠᠢ ᠶᠢᠨ | ᠪᠥᠵᠢᠭ ᠥᠯᠵᠡᠢ ᠪᠡᠯᠭᠡ ᠳᠦᠭᠦᠷᠡᠩ︾᠂ ︽ᠪᠤᠶᠠᠨᠲᠤ ᠮᠣᠭᠠᠢ ᠴᠠᠭᠠᠨ ᠰᠠᠷ᠎ᠠ ᠪᠠᠨ ᠤᠭᠲᠤᠬᠤ︾ ᠲᠤᠰ ᠲᠤᠰ | ᠨᠢᠭᠡᠳᠦᠭᠡᠷ ᠲᠡᠰ ᠤᠨ ᠱᠠᠩᠨᠠᠯ᠂ ᠬᠤᠶᠠᠳᠤᠭᠠᠷ ᠲᠡᠰ ᠤᠨ ᠱᠠᠩᠨᠠᠯ᠂ ᠭᠤᠷᠪᠠᠳᠤᠭᠠᠷ ᠲᠡᠰ ᠤᠨ ᠱᠠᠩᠨᠠᠯ ᠢ ᠬᠦᠷᠳᠡᠵᠤ᠂ | ᠳ᠋ᠦᠩ ᠾᠧ ᠲᠤᠭᠤᠷᠢᠭ ᠤᠨ ᠰᠤᠶᠤᠯ ᠤᠨ ᠤᠷᠳᠤᠨ ᠰᠢᠯᠢᠳᠡᠭ ᠵᠤᠬᠢᠶᠠᠨ ᠪᠠᠶᠢᠭᠤᠯᠤᠯᠳᠠ ᠶᠢᠨ ᠱᠠᠩᠨᠠᠯ ᠬᠦᠷᠳᠡᠪᠡ᠃ | ᠨᠢᠭᠡᠳᠦᠭᠡᠷ ᠳᠡᠰ ᠤᠨ ᠱᠠᠩᠨᠠᠯ | ᠵᠠᠯᠠᠭᠤ ᠪᠠᠭᠠᠴᠤᠤᠯ ᠤᠨ ᠲᠤᠭᠤᠶᠢᠯᠠᠩ | ︽ᠠᠯᠲᠠᠨ ᠮᠤᠭᠠᠢ ᠵᠢᠷᠭᠠᠵᠤ ᠴᠠᠭᠠᠨ ᠰᠠᠷ᠎ᠠ ᠪᠠᠨ ᠪᠡᠯᠭᠡᠯᠡᠶ᠎ᠠ︾ | ᠤᠷᠤᠯᠳᠤᠭᠠᠨ ᠳᠤ ᠣᠷᠣᠯᠴᠠᠭᠰᠠᠨ ᠨᠢᠭᠡᠴᠡ᠄ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠪᠤᠭᠤ | ᠬᠤᠲᠠ ᠶᠢᠨ ᠮᠣᠳᠤᠨ ᠬᠦᠯᠲᠦ ᠠᠩᠭᠢ | | ᠬᠤᠶᠠᠳᠤᠭᠠᠷ ᠲᠡᠰ ᠤᠨ ᠱᠠᠩᠨᠠᠯ | ᠢᠳᠡᠷ ᠨᠠᠰᠣᠨ ᠤ ᠳᠤᠭᠤᠢᠯᠠᠩ | ︽ᠮᠤᠭᠠᠢ ᠶᠢᠨ ᠪᠥᠵᠢᠭ ᠥᠯᠵᠡᠢ ᠪᠡᠯᠭᠡ ᠳᠦᠭᠦᠷᠡᠩ︾ | ᠤᠷᠤᠯᠳᠤᠭᠠᠨ ᠳᠤ ᠣᠷᠣᠯᠴᠠᠭᠰᠠᠨ ᠨᠢᠭᠡᠴᠡ᠄ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠰᠦᠷ | ᠬᠦᠴᠦᠲᠦ ᠬᠠᠷᠠᠩᠭ᠎ᠠ ᠬᠡᠩᠭᠡᠷᠭᠡ ᠶᠢᠨ ᠠᠩᠭᠢ | | ᠭᠤᠷᠪᠠᠳᠤᠭᠠᠷ ᠳᠡᠰ ᠤᠨ ᠱᠠᠩᠨᠠᠯ | ᠵᠠᠯᠠᠭᠤ ᠪᠠᠭᠠᠴᠤᠤᠯ ᠤᠨ ᠲᠤᠭᠤᠶᠢᠯᠠᠩ | ︽ᠪᠤᠶᠠᠨᠲᠤ ᠮᠣᠭᠠᠢ ᠴᠠᠭᠠᠨ ᠰᠠᠷ᠎ᠠ ᠪᠠᠨ ᠤᠭᠲᠤᠬᠤ︾ | ᠤᠷᠤᠯᠳᠤᠭᠠᠨ ᠳᠤ ᠣᠷᠣᠯᠴᠠᠭᠰᠠᠨ ᠨᠢᠭᠡᠴᠡ᠄ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ | ᠶᠠᠩᠭᠠᠷ ᠪᠥᠵᠢᠭ ᠤᠨ ᠠᠩᠭᠢ | | ᠲᠣᠰ ᠤᠳᠠᠭᠠᠨ ᠤ ᠨᠠᠶᠢᠷ ᠨᠠᠭᠠᠳᠣᠮ ᠤᠨ ᠤᠷᠤᠯᠳᠤᠭᠠᠨ ᠨᠢ ᠬᠤᠲᠠ ᠶᠢᠨ ᠠᠷᠠᠳ ᠤᠨ ᠵᠤᠭᠠᠴᠠᠭᠰᠠᠳ ᠤᠨ | ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠤᠯᠠᠮᠵᠢᠯᠠᠯᠲᠤ | ᠰᠣᠶᠣᠯ ᠤᠨ ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠬᠦᠨᠳᠦ | ᠡᠭᠦᠷᠭᠡ ᠶᠢ ᠦᠷᠭᠦᠯᠵᠢᠯᠡᠨ ᠡᠭᠦᠷᠭᠡᠯᠡᠵᠦ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠪᠠᠷ ᠥᠷᠭᠡᠨ ᠤᠯᠠᠨ | ᠬᠤᠳᠠ ᠶᠢᠨ ᠠᠷᠠᠳ ᠤᠨ ᠵᠤᠭᠠᠴᠠᠭᠰᠠᠳ ᠲᠤ ᠨᠡᠩ ᠪᠠᠶᠠᠯᠢᠭ ᠤᠶᠤᠨ ᠤ ᠰᠣᠶᠣᠯ ᠤᠨ ᠦᠪᠡᠳᠡᠭᠰᠢ ᠨᠠᠶᠢᠷ ᠢ | ᠠᠪᠴᠢᠷᠠᠵᠤ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠨᠡᠩ ᠦᠵᠡᠰᠬᠦᠯᠡᠩᠲᠦ ᠰᠠᠶᠢᠬᠠᠨ ᠭᠡᠷᠡᠯ | ᠭᠢᠯᠪᠠᠭ᠎ᠠ ᠪᠠᠨ ᠰᠠᠴᠤᠷᠠᠭᠤᠯᠤᠨ᠎ᠠ᠃ |