ᠳ᠋ᠦᠩ ᠾᠧ ᠲᠣᠭᠤᠷᠢᠭ 2025 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
     2 ᠰᠠᠷ᠎ᠠ ᠶᠢᠨ 6 ᠤ ᠡᠳᠦᠷ᠂ ᠳ᠋ᠦᠩ ᠾᠧ ᠲᠣᠭᠤᠷᠢᠭ ᠤᠨ ᠬᠢᠨ 2025 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠤᠷᠠᠯ ᠡᠷᠭᠢᠯᠡᠪᠡ᠃      ᠬᠤᠷᠠᠯ ᠠᠴᠠ ᠪᠦᠬᠦ ᠬᠤᠳᠠ ᠶᠢᠨ ︽ᠬᠤᠶᠠᠷ ᠢ ᠡᠯᠰᠡᠵᠦ ᠬᠤᠶᠠᠷ ᠢ ᠣᠷᠣᠭᠤᠯᠵᠤ ᠨᠢᠭᠡ ᠶᠢ ᠰᠢᠯᠢᠳᠡᠭᠵᠢᠭᠦᠯᠬᠦ ︾ ᠲᠠᠶᠢᠴᠢᠯᠠᠯᠳᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳ᠋ᠦᠩ ᠾᠧ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ 2025 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠨᠥᠭᠡᠴᠡᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠪᠦᠬᠦ ᠲᠤᠭᠤᠷᠢᠭ ᠲᠠᠶᠠᠭᠠᠷ ᠢᠶᠠᠨ ᠪᠥᠬᠦ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠪᠥᠬᠦ ᠵᠢᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ᠂ ᠰᠡᠳᠬᠢᠯ ᠢᠶᠠᠨ ᠬᠤᠷᠢᠶᠠᠵᠤ ᠪᠠᠶᠢᠷᠢ ᠳᠤᠨᠢ ᠪᠤᠴᠠᠭᠠᠵᠤ᠂ ᠴᠣ ᠰᠢᠨ᠎ᠡ ᠳᠦᠷᠰᠦ ᠪᠠᠶᠢᠳᠠᠯ ᠢᠶᠠᠷ ᠣᠳᠣᠬᠠᠨ ᠤ ᠡᠯ᠎ᠡ ᠵᠦᠢᠯ ᠤᠨ ᠠᠵᠢᠯ ᠳᠤ ᠦᠳᠲᠡᠷ ᠲᠦᠷᠭᠡᠨ ᠣᠷᠣᠯᠴᠠᠬᠤ ᠬᠡᠷᠡᠭᠲᠡᠶ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠠᠵᠤ ᠦᠢᠯᠡᠰ ᠢ ᠠᠳᠬᠤᠬᠤ᠂ ᠬᠤᠳᠠᠯᠳᠤᠭᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠢ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠨᠡᠩ ᠡᠷᠡᠰ ᠵᠣᠷᠢᠭ᠂ ᠨᠡᠩ ᠶᠡᠭᠡ ᠡᠷᠴᠢᠮ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠬᠦᠩᠭᠡᠨᠴᠠᠭᠠᠨ ᠵᠢᠴᠢ ᠬᠦᠩᠭᠡᠨᠴᠠᠭᠠᠨ ᠢ ᠨᠠᠷᠢᠯᠢᠭ ᠡᠳ᠋ᠰᠢᠭᠦᠯᠬᠦ᠂ ᠳᠠᠬᠢᠯᠲᠠ ᠡᠬᠢ ᠪᠠᠶᠠᠯᠢᠭ ᠤᠨ ᠣᠷᠴᠢᠯ ᠠᠵᠤ ᠦᠢᠯᠡᠰ᠂ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠤᠨ ᠲᠣᠭᠤᠷᠢᠨ ᠳᠤ᠂ ᠲᠡᠷᠢᠭᠦᠨ ᠬᠡᠰᠡᠭ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠳᠤ ᠬᠤᠯᠪᠣᠭᠳᠠᠬᠤ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠣᠨᠢᠯᠠᠵᠤ᠂ ᠴᠢᠨᠠᠷ ᠰᠠᠶᠢᠲᠠᠢ ᠬᠤᠳᠠᠯᠳᠤᠭᠠᠴᠢᠨ ᠤᠷᠢᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠨᠥᠭᠡᠴᠡᠯᠡᠬᠦ ᠠᠵᠢᠯ ᠪᠣᠯᠤᠨ ᠪᠡᠯᠡ ᠮᠥᠩᠭᠦ ᠶᠢ ᠲᠡᠮᠡᠴᠡᠨ ᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠤᠯᠤᠰ ᠤᠨ ᠲᠦᠷᠦ ᠶᠢᠨ ᠪᠤᠳᠤᠯᠭ᠎ᠠ ᠶᠢᠨ ᠴᠢᠭᠯᠡᠯ ᠪᠣᠯᠤᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠦᠷᠦ ᠶᠢᠨ ᠪᠤᠳᠤᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠳᠡᠪᠬᠢᠲᠡᠢ ᠪᠠᠷ ᠴᠢᠷᠮᠠᠶᠢᠨ ᠲᠡᠮᠡᠴᠡᠵᠦ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠦᠨᠡᠨᠬᠦ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃      ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠳᠡᠪᠬᠢᠲᠡᠢ ᠠᠵᠢᠯᠯᠠᠵᠤ᠂ ᠬᠠᠷᠢᠭᠤᠴᠠᠯᠭ᠎ᠠ ᠶᠢᠨ ᠳᠠᠷᠤᠯᠲᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠢᠯ ᠤᠨ ᠭᠤᠣᠯᠳᠠᠯᠭ᠎ᠠ ᠶᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠣᠳᠠᠲᠤ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ ᠠᠵᠢᠯ ᠤᠨ ᠡᠮᠦᠨ᠎ᠡ ᠹᠷᠣᠨᠲ ᠢᠶᠠᠷ ᠺᠠᠳ᠋ᠷ ᠢ ᠰᠢᠨᠵᠢᠯᠡᠨ ᠪᠠᠶᠢᠴᠠᠭᠠᠬᠤ ︽ᠭᠤᠣᠯ ᠳᠠᠶᠢᠨ ᠤ ᠲᠠᠯᠠᠪᠤᠷ︾ ᠪᠠ ︽ᠭᠤᠣᠯ ᠵᠢᠭᠰᠠᠭᠠᠯ ᠤᠨ ᠭᠠᠵᠠᠷ︾ ᠪᠣᠯᠭᠠᠵᠤ᠂ ᠲᠤᠪᠤᠶᠢᠮ᠎ᠠ ᠢᠯᠡᠷᠡᠯ ᠲᠠᠢ ᠰᠠᠶᠢᠨ ᠺᠠᠳ᠋ᠷ ᠢ ᠰᠣᠩᠭᠤᠨ ᠭᠠᠷᠭᠠᠵᠤ ᠬᠡᠷᠡᠭᠯᠡᠬᠦ ᠬᠡᠷᠡᠭᠲᠡᠢ᠃ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠬᠤᠶᠠᠷ ᠠᠯᠪᠠᠨ ᠬᠡᠷ ᠨᠢ ᠪᠥᠬᠦ ᠵᠢᠯ ᠤᠨ ᠬᠠᠷᠠᠯᠲᠠ ᠡᠭᠦᠷᠭᠡ ᠪᠠ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠰᠢᠮᠳᠠᠭᠤᠯᠤᠨ ᠭᠦᠢᠴᠡᠳᠬᠡᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠠᠮᠢ ᠴᠦᠯᠡᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠡᠨ ᠬᠦ ᠠᠳᠬᠤᠬᠤ ᠪᠣᠳᠠᠲᠤ ᠵᠤᠷᠢᠭ᠂ ᠵᠣᠷᠢᠭᠲᠠᠢ ᠠᠳᠬᠤᠬᠤ ᠴᠢᠩᠭ᠎ᠠ ᠵᠤᠷᠢᠭ᠂ ᠴᠢᠳᠠᠮᠠᠭᠠᠢ ᠠᠳᠬᠤᠬᠤ ᠤᠷᠠᠨ ᠬᠦᠴᠦᠨ᠂ ᠪᠠᠶᠢᠩᠭᠤ ᠠᠳᠬᠤᠬᠤ ᠬᠠᠳᠠᠨ ᠵᠣᠷᠢᠭ ᠢᠶᠠᠷ ᠡᠯ᠎ᠡ ᠵᠦᠢᠯ ᠤᠨ ᠠᠵᠢᠯ ᠢ ᠢᠮᠠᠭᠲᠠ ᠲᠤᠭᠤᠰᠢᠯᠠᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ ᠭᠠᠷᠭᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ︽ᠳ᠋ᠦᠩ ᠾᠧ ᠲᠣᠭᠤᠷᠢᠭ ᠤᠨ ᠰᠦᠷ ᠵᠢᠪᠬᠤᠭ᠎ᠠ ᠶᠢ ᠲᠠᠬᠢᠨ ᠪᠠᠳᠠᠷᠠᠭᠤᠯᠵᠤ᠂ ᠥᠩᠭᠡᠷᠡᠭᠰᠡᠨ ᠤ ᠬᠥᠭᠵᠢᠯ ᠴᠡᠴᠡᠭᠯᠡᠯ ᠢ ᠲᠠᠬᠢᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠯ᠎ᠡ ᠳᠡᠳ᠋ ᠡᠷᠬᠢᠯᠡᠭᠴᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠦᠨᠦᠳᠦᠷ ᠤᠨ ᠳ᠋ᠦᠩ ᠡᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1