3 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠳᠡᠭᠡᠳᠦ ᠱᠠᠲᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠂ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠢᠴᠢ ᠤᠯᠤᠰ ᠲᠦᠷᠦ | ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ︽2025 ᠣᠨ ᠤ ᠪᠥᠬᠦ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠭᠤᠤᠯᠳᠠᠯᠭ᠎ᠠ︾᠂ | ︽ᠳ᠋ᠦᠩ ᠾᠧ ᠲᠣᠭᠤᠷᠢᠭ ᠤᠨ 2025 ᠣᠨ ᠤ ᠨᠠᠮ ᠵᠠᠰᠠᠭ ᠤᠨ ᠵᠥᠪᠯᠡᠬᠦ ᠲᠥᠯᠥᠪᠯᠡᠭᠡ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠤᠯᠳᠠᠯᠭ᠎ᠠ︾ | ᠂ ︽ᠳ᠋ᠦᠩ ᠾᠧ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠤᠯᠳᠠᠯᠭ᠎ᠠ︾ ᠶᠢ | ᠰᠤᠳᠤᠯᠤᠨ ᠬᠢᠨᠠᠨ ᠵᠥᠪᠯᠡᠵᠦ᠂ 2024 ᠣᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ | ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠨᠠᠮ ᠤᠨ ᠲᠥᠪ ᠬᠤᠷᠢᠶᠠᠨ ᠤ ᠨᠠᠮ ᠤᠨ ᠭᠡᠰᠢᠭᠦᠨ ᠤ ᠬᠥᠮᠦᠵᠢᠯ | ᠪᠣᠯᠪᠠᠰᠤᠷᠠᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠬᠥᠮᠦᠵᠢᠯ ᠪᠣᠯᠪᠠᠰᠤᠷᠠᠯ ᠢᠶᠠᠷ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠴᠠᠭ ᠦᠶ᠎ᠡ ᠶᠢᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ | ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ᠃ ︽ᠠᠮᠤᠷ | ᠠᠮᠤᠭᠤᠯᠠᠩ ᠳ᠋ᠦᠩ ᠾᠧ︾ ᠶᠢᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠩᠬᠠᠷᠴᠤ᠂ | ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠬᠦ ᠬᠡᠷᠡᠭᠲᠡᠢ᠃ ︽ | ᠠᠷᠠᠳ ᠤᠨ ᠵᠠᠬᠢᠳᠠᠯ ᠰᠤᠷᠪᠤᠯᠵᠢᠯᠠᠭ᠎ᠠ ᠠᠷᠠᠳ ᠲᠦᠮᠡᠨ ᠤ ᠲᠥᠯᠥᠭᠡ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠬᠢᠭᠤᠯᠵᠤ᠂ ᠠᠩᠬᠠᠨ ᠤ ᠵᠠᠬᠢᠳᠠᠯ | ᠠᠩᠬᠠᠨ ᠤ ᠰᠤᠷᠪᠤᠯᠵᠢᠯᠠᠭ᠎ᠠ ᠶᠢ ᠦᠨᠡᠨ ᠬᠦ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ | ᠱᠠᠲᠤᠨ ᠳᠤ ᠪᠠ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠬᠡᠷᠡᠭᠲᠡᠢ᠃ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢᠨ ᠰᠢᠨ᠎ᠡ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠯᠪᠠᠨ ᠭᠡᠷ ᠵᠢᠴᠢ ᠡᠯ᠎ᠡ ᠲᠤᠰᠬᠠᠢ ᠠᠵᠢᠯ ᠤᠨ ᠳᠤᠭᠤᠶᠢᠯᠠᠩ ᠶᠡᠷᠦᠩᠬᠡᠢ ᠱᠦᠵᠢ ᠰᠢ ᠶᠢᠨ | ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠡᠷᠡᠰ | ᠪᠠᠲᠤ ᠲᠣᠭᠲᠠᠭᠠᠵᠤ᠂ ᠵᠠᠩᠭᠢᠯᠠᠭ᠎ᠠ ᠶᠢᠨ ᠬᠦᠷᠢᠶ᠎ᠡ ᠪᠣᠯᠤᠨ ᠭᠤᠣᠯ ᠭᠤᠭᠴᠤᠭ᠎ᠠ ᠶᠢ ᠴᠢᠩᠭ᠎ᠠ ᠠᠩᠬᠠᠷᠴᠤ᠂ ᠪᠠᠭ᠎ᠠ | ᠳᠡᠭᠡᠷ᠎ᠡ ᠨᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ︽ᠰᠢᠢᠳᠪᠦᠷᠢᠯᠡᠭᠳᠡᠬᠦᠢ ᠰᠡᠳᠬᠢᠬᠦᠢ︾ ᠪᠠᠷ ᠨᠢᠭᠡ | ᠪᠦᠯᠦᠭ ᠦᠨᠡᠨ ᠬᠦ ᠬᠡᠷᠡᠭᠵᠢᠭᠦᠯᠵᠦ ᠪᠣᠯᠬᠤ᠂ ᠲᠦᠷᠦᠭᠳᠡᠯ ᠲᠠᠢ ᠪᠠᠶᠢᠬᠤ᠂ ᠬᠡᠷᠡᠭᠵᠢᠭᠦᠯᠵᠦ ᠪᠣᠯᠬᠤᠶᠢᠴᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠲᠥᠯᠥᠪᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |