ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠲᠣᠮᠵᠢ ᠶᠢᠨ ᠵᠧᠩ ᠪᠸᠢ ᠨᠠᠶᠢᠭᠡᠮ ᠲᠣᠭᠤᠷᠢᠭ ︽ᠭᠤᠷᠪᠠᠨ ᠰᠢᠨ᠎ᠡ ᠭᠤᠷᠪᠠᠨ ᠬᠦᠴᠦᠨ︾ ᠤ ᠠᠵᠢᠯᠯᠠᠭ᠎ᠠ ᠦᠷᠨᠢᠬᠦᠯᠵᠦ ᠡᠷᠡᠬᠦᠯ ᠴᠢᠬᠢᠷᠠᠭ ᠤᠨ ᠪᠠᠬᠢᠯᠡᠯᠳᠡ ᠶᠢ ᠬᠠᠮᠳᠤ ᠪᠠᠷ ᠪᠠᠶᠢᠭᠤᠯᠵᠠᠢ
ᠨᠡᠶᠢᠲᠡᠯᠡᠭᠰᠡᠨ ᠴᠠᠭ᠄
2025/3/12
     26 ᠳ᠋ᠤᠭᠠᠷ ᠤᠳᠠᠭᠠᠨ ᠤ ᠪᠥᠬᠦ ᠤᠯᠤᠰ ᠤᠨ ᠴᠢᠬᠢ ᠪᠠᠨ ᠬᠠᠶᠢᠷᠠᠯᠠᠬᠤ ᠡᠳᠦᠷ ᠲᠤ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠵᠧᠩ ᠪᠸᠢ ᠨᠡᠶᠢᠭᠡᠮ ᠲᠣᠭᠤᠷᠢᠭ ︽ᠭᠤᠷᠪᠠᠨ ᠰᠢᠨ᠎ᠡ ᠭᠤᠷᠪᠠᠨ ᠬᠦᠴᠦᠨ︾ ᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠤᠬᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠴᠢᠬᠢ ᠪᠠᠨ ᠬᠠᠶᠢᠷᠠᠯᠠᠬᠤ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠰᠣᠨᠣᠷ ᠤᠨ ᠡᠷᠡᠭᠦᠯ ᠮᠡᠨᠳᠦ ᠶᠢ ᠬᠠᠮᠠᠭᠠᠯᠠᠵᠤ ᠪᠠᠶᠢᠨ᠎ᠠ᠃      ︽ᠰᠢᠨ᠎ᠡ ᠲᠣᠭᠲᠠᠴᠠ︾ ᠪᠠᠷ ᠬᠦᠴᠦ ᠪᠠᠨ ᠬᠠᠮᠲᠤᠳᠬᠠᠨ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠲᠣᠤᠷ ᠢ ᠨᠢᠭᠲᠠ ᠰᠦᠯᠵᠢᠨ᠎ᠡ᠃ ᠨᠡᠶᠢᠭᠡᠮ ᠲᠣᠭᠤᠷᠢᠭ ᠨᠠᠮ ᠤᠨ ᠪᠠᠢᠭᠤᠯᠤᠯᠲᠠ ᠪᠠᠷ ᠬᠥᠲᠥᠯᠦᠨ ᠳᠠᠭᠠᠭᠤᠯᠬᠤ ᠪᠠᠷ ᠭᠤᠣᠯ ᠪᠣᠯᠭᠠᠵᠤ ᠲᠢᠶᠠᠨ ᠾᠧᠩ ᠡᠮᠨᠡᠯᠭᠡ ᠶᠢᠨ ᠬᠤᠷᠢᠶ᠎ᠠ ᠲᠠᠢ ᠬᠤᠯᠪᠤᠭᠠᠯᠠᠵᠤ᠂ ︽ᠰᠢᠭᠰᠢᠨ ᠪᠠᠶᠢᠴᠠᠭᠠᠬᠤ - ᠬᠠᠮᠢᠶᠠᠷᠬᠤ - ᠮᠥᠷᠳᠡᠬᠦ︾ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠰᠦᠯᠵᠢᠶᠡᠨ ᠤ ᠠᠵᠢᠯᠲᠠᠨ ᠰᠠᠭᠤᠭᠠᠯᠢ ᠲᠣᠭᠤᠷᠢᠭ ᠲᠤ ᠣᠷᠣᠵᠤ ᠤᠬᠠᠭᠤᠯᠬᠤ ᠦᠢᠯᠡᠴᠢᠯᠡᠭᠡ ᠬᠠᠩᠭᠠᠵᠤ᠂ ᠨᠠᠰᠤᠲᠠᠶᠢᠴᠤᠳ᠂ ᠬᠡᠤᠬᠡᠳ ᠵᠡᠷᠭᠡ ᠲᠦᠭᠰᠢᠭᠦᠷᠢ ᠶᠡᠬᠡᠲᠡᠶ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ 20 ᠭᠠᠷᠤᠶ ᠬᠥᠮᠦᠨ ᠤᠳᠠᠭ᠎ᠠ ᠪᠠᠶᠢᠴᠠᠭᠠᠨ ᠬᠡᠮᠵᠢᠯᠲᠡ ᠬᠢᠵᠦ᠂ ᠰᠣᠨᠣᠰᠬᠤ ᠴᠢᠳᠠᠪᠤᠷᠢ ᠶᠢᠨ ᠳᠠᠯᠳᠠ ᠠᠰᠠᠭᠤᠳᠠᠯ ᠢ 3 ᠰᠣᠩᠭᠤᠨ ᠪᠠᠶᠢᠴᠠᠭᠠᠬᠤ ᠶᠢᠨ ᠬᠠᠮᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠪᠦᠯᠬᠦᠮ ᠠᠴᠠ ︽ᠨᠢᠭᠡ ᠨᠢᠭᠡ ᠪᠠᠷ︾ ᠬᠠᠮᠢᠶᠠᠷᠬᠤ ᠲᠥᠰᠦᠯ ᠲᠣᠭᠲᠠᠭᠠᠵᠤ᠂ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠣᠷᠣᠯᠴᠠᠬᠤ ᠶᠢ ᠪᠡᠶᠡᠯᠡᠭᠦᠯᠪᠡ᠃      ︽ᠰᠢᠨ᠎ᠡ ᠲᠠᠪᠴᠠᠩ︾ ᠨᠢ ᠦᠢᠯᠡᠴᠢᠯᠡᠭᠡᠨ ᠤ ᠬᠦᠴᠦᠨ ᠢᠶᠠᠨ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠡᠶᠢᠳᠡᠮ ᠪᠦᠷᠬᠦᠭᠦᠯᠪᠡ᠃ ᠠᠳᠠᠯᠢ ᠪᠤᠰᠤ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠨᠡᠶᠢᠭᠡᠮ ᠲᠣᠭᠤᠷᠢᠭ ᠲᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠤᠬᠠᠭᠤᠯᠭ᠎ᠠ ᠶᠢ ᠪᠣᠶ ᠪᠣᠯᠭᠠᠪᠠ᠃ ᠰᠦᠯᠵᠢᠶᠡᠨ ᠳᠡᠭᠡᠷ᠎ᠡ ᠸᠢᠴᠠᠲ ᠤᠨ ᠨᠠᠶᠢᠵᠠ ᠶᠢᠨ ᠲᠣᠭᠤᠷᠢᠭ᠂ ᠸᠢᠴᠠᠲ ᠤᠨ ᠴᠤᠭᠯᠠᠭᠠᠨ ᠳᠤ ᠲᠦᠰᠢᠭᠯᠡᠨ᠂ ᠴᠢᠬᠢ ᠪᠠᠨ ᠬᠠᠶᠢᠷᠠᠯᠠᠬᠤ ᠸᠢᠳᠢᠣ᠋ ᠶᠢ ᠳᠠᠮᠵᠢᠭᠤᠯᠤᠨ ᠲᠠᠷᠬᠠᠭᠠᠵᠤ᠂ 500 ᠭᠠᠷᠤᠢ ᠬᠥᠮᠦᠨ ᠤᠳᠠᠭ᠎ᠠ ᠣᠷᠣᠯᠴᠠᠵᠠᠶ᠃ ᠰᠦᠯᠵᠢᠶᠡᠨ ᠭᠠᠳᠠᠨ᠎ᠠ ᠡᠷᠦᠬᠡ ᠳᠤ ᠣᠷᠣᠪᠠ᠃ ︽ᠬᠡᠷ ᠪᠦᠯᠢ ᠶᠢᠨ ᠴᠢᠬᠢ ᠶᠢ ᠬᠠᠮᠠᠭᠠᠯᠠᠬᠤ ᠵᠦᠭᠯᠡᠭᠦᠷ︾ ᠢ 100 ᠭᠠᠷᠤᠶ ᠳᠡᠪᠲᠡᠷ ᠵᠡᠷᠭᠡᠪᠡᠷ ᠲᠠᠷᠬᠠᠭᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠴᠢᠬᠢ ᠶᠢ ᠬᠡᠷᠡᠭᠯᠡᠬᠦ ᠳᠠᠳᠬᠠᠯ ᠲᠠᠢ ᠪᠣᠯᠭᠠᠨ᠎ᠠ᠃      ︽ᠰᠢᠨ᠎ᠡ ᠠᠬᠤᠢ ᠪᠠᠶᠢᠳᠠᠯ︾ ᠤᠨ ᠪᠠᠲᠤᠯᠠᠭ᠎ᠠ ᠶᠢᠨ ᠬᠦᠴᠦᠨ ᠢ ᠨᠡᠮᠡᠭᠳᠡᠭᠦᠯᠵᠦ ᠠᠷᠠᠳ ᠤᠨ ᠰᠡᠳᠭᠢᠯ ᠢ ᠳᠤᠯᠠᠭᠠᠴᠠᠭᠤᠯᠤᠨ᠎ᠠ᠃ ᠣᠨᠴᠠᠭᠠᠶ ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠲᠤ ︽ᠬᠡᠷ ᠤᠨ ᠡᠭᠦᠳᠡ︾ ᠶᠢᠨ ᠰᠣᠨᠣᠷ ᠲᠤᠳᠤᠤᠡᠬᠠᠯ ᠤᠨ ᠦᠢᠯᠡᠴᠢᠯᠡᠭᠡᠨ ᠤ ᠪᠠᠶᠢᠳᠠᠯ ᠢ ᠨᠡᠭᠡᠭᠡᠵᠦ᠂ 7 ᠡᠷᠦᠬᠡ ᠰᠣᠨᠣᠷ ᠤᠨ ᠰᠠᠭᠠᠳ ᠲᠠᠢ ᠬᠡᠷ ᠪᠦᠯᠢ ᠶᠢ ᠬᠡᠷ ᠲᠤᠨᠢ ᠬᠦᠷᠴᠦ ᠳᠡᠩᠰᠡᠯᠡᠵᠦ ᠰᠣᠨᠣᠰᠬᠤ ᠳᠤ ᠲᠤᠰᠠᠯᠠᠬᠤ ᠲᠥᠬᠦᠭᠡᠷᠦᠮᠵᠢ ᠶᠢ ᠳᠣᠭᠢᠷᠠᠭᠤᠯᠪᠠ᠃ ᠬᠦᠴᠢᠷᠳᠡᠯ ᠲᠠᠢ ᠰᠣᠨᠣᠷ ᠤᠨ ᠰᠠᠭᠠᠳ ᠲᠠᠢ ᠬᠥᠮᠦᠰ ᠲᠤ ᠦᠷᠭᠦᠯᠵᠢᠯᠡᠨ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠵᠤ᠂ ︽ᠡᠴᠦᠰ ᠤᠨ ᠨᠢᠭᠡ ᠮᠧᠲᠷ︾ ᠬᠦᠷᠲᠡᠯ᠎ᠡ ᠦᠨᠡᠨ ᠬᠦ ᠤᠷᠲᠤᠳᠬᠠᠨ᠎ᠠ᠃ ᠲᠣᠰ ᠤᠳᠠᠭᠠᠨ ᠤ ︽ᠭᠤᠷᠪᠠᠨ ᠰᠢᠨ᠎ᠡ ᠭᠤᠷᠪᠠᠨ ᠬᠦᠴᠦᠨ︾ ᠤ ᠠᠵᠢᠯᠯᠠᠭ᠎ᠠ ᠨᠢ ᠲᠣᠭᠲᠠᠴᠠ ᠶᠢᠨ ᠰᠢᠨ᠎ᠡ ᠶᠢ ᠡᠭᠦᠳᠬᠦ᠂ ᠡᠬᠢ ᠪᠠᠶᠠᠯᠢᠭ ᠢ ᠠᠭᠤᠰᠤᠯᠴᠠᠭᠤᠯᠬᠤ ᠪᠠ ᠦᠵᠡᠭᠳᠡᠯ ᠠᠴᠠ ᠡᠨᠧᠷᠭᠢ ᠣᠯᠭᠤᠵᠤ᠂ ᠰᠣᠨᠣᠰᠬᠤ ᠴᠢᠳᠠᠪᠤᠷᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠰᠡᠭ ᠪᠤᠰᠬᠠᠭᠰᠠᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠠᠭᠤᠭᠠᠯᠢ ᠠᠷᠠᠳ ᠤᠨ ᠴᠢᠬᠢ ᠶᠢ ᠬᠠᠮᠠᠭᠠᠯᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ 63% ᠪᠣᠯᠲᠠᠯ᠎ᠠ ᠳᠡᠭᠡᠭᠰᠢᠯᠡᠭᠦᠯᠵᠦ᠂ ᠠᠶᠤᠯ ᠶᠡᠬᠡᠲᠡᠶ ᠬᠥᠮᠦᠰ ᠢ ᠬᠠᠮᠢᠶᠠᠷᠬᠤ ᠨᠣᠷᠮ᠎ᠠ ᠶᠢ 100% ᠳᠤ ᠬᠦᠷᠭᠡᠪᠡ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ︽ᠡᠷᠡᠭᠦᠯ ᠮᠡᠨᠳᠦ ᠶᠢ ᠬᠠᠮᠲᠤ ᠪᠠᠷ ᠵᠠᠰᠠᠬᠤ︾ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠶᠤᠨᠴᠢ ᠰᠣᠨᠣᠷ ᠤᠨ ᠬᠢᠨᠠᠨ ᠬᠡᠮᠵᠢᠯᠲᠡ ᠶᠢᠨ ᠲᠥᠬᠦᠭᠡᠷᠦᠮᠵᠢ ᠶᠢ ᠡᠷᠦᠬᠡ ᠳᠤ ᠣᠷᠣᠭᠤᠯᠵᠤ᠂ ︽15 ᠮᠢᠨᠦ᠋ᠲ ᠤᠨ ᠰᠣᠨᠣᠷ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠢᠶ᠎ᠡ︾ ᠶᠢ ᠪᠠᠶᠢᠭᠤᠯᠵᠤ᠂ ᠪᠥᠬᠦ ᠠᠷᠠᠳ ᠤᠨ ᠰᠣᠨᠣᠷ ᠤᠨ ᠡᠷᠡᠭᠦᠯ ᠮᠡᠨᠳᠦ ᠶᠢᠨ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ︽ᠡᠷᠡᠭᠦᠯ ᠡᠩᠬᠡ ᠳᠤᠮᠳᠠᠳᠤ ᠤᠯᠤᠰ︾ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1