ᠲᠤᠭᠤᠷᠢᠭ  ᠤᠨ ᠬᠠᠤᠯᠢ ᠴᠠᠭᠠᠵᠠ ᠶᠢᠨ ᠲᠣᠪᠴᠢᠶ᠎ᠠ ᠶᠢᠨ AI ᠳᠡᠳ᠋ ᠳᠠᠷᠤᠭ᠎ᠠ ︽ᠠᠵᠢᠯ ᠤᠨ ᠪᠠᠶᠢᠷᠢ ᠳᠤ ᠭᠠᠷᠬᠤ︾ ᠦᠨᠳᠦᠰᠦᠨ ᠱᠠᠲᠤᠨ ᠤ ᠬᠠᠤᠯᠢ ᠴᠠᠭᠠᠵᠠ ᠶᠢᠨ  ᠦᠢᠯᠡᠴᠢᠯᠡᠭᠡ ᠣᠶᠤᠨᠴᠢ ᠰᠢᠨ᠎ᠡ ᠴᠠᠭ ᠦᠶ᠎ᠡ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/3/12
   ᠤᠶᠢᠷ᠎ᠠ ᠳᠤ᠂ ᠾᠧ ᠳ᠋ᠦᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ ᠨᠢᠭᠡᠨ ᠣᠨᠴᠠᠭᠠᠢ ︽ᠬᠠᠮᠲᠤ ᠠᠵᠢᠯᠯᠠᠭᠴᠢ︾ — AI ᠳᠡᠳ᠋ ᠳᠠᠷᠤᠭ᠎ᠠ ᠶᠢᠨ  ᠲᠤᠰᠢᠶᠠᠯ ᠢ  ᠤᠭᠲᠤᠵᠤ᠂ ᠡᠨᠡ ᠬᠦ  ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠨᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠣᠶᠤᠨᠴᠢᠯᠠᠭᠰᠠᠨ᠂ ᠥᠨᠳᠥᠷ ᠦᠷ᠎ᠡ  ᠠᠰᠢᠭ ᠲᠠᠢ ᠪᠣᠯᠬᠤ  ᠵᠠᠩᠭᠢᠯᠠᠭ᠎ᠠ ᠶᠢᠨ ᠨᠢᠭᠡ ᠠᠯᠬᠤᠮ ᠠᠯᠬᠤᠭᠰᠠᠨ ᠢ ᠬᠠᠷᠠᠭᠤᠯᠵᠤ  ᠪᠠᠶᠢᠨ᠎ᠠ᠃    ᠾᠧ ᠳ᠋ᠦᠩ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ AI ᠳᠡᠳ᠋  ᠳᠠᠷᠤᠭ᠎ᠠ ᠶᠢ ᠣᠷᠣᠭᠤᠯᠤᠨ ᠠᠪᠴᠢᠷᠠᠵᠤ᠂ ᠵᠣᠬᠢᠶᠠᠮᠠᠯ ᠣᠶᠤᠨᠴᠢ ᠮᠡᠷᠭᠡᠵᠢᠯ ᠢ ᠠᠰᠢᠭᠯᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ  ᠰᠦᠢᠳᠭᠡᠯ ᠬᠤᠷᠢᠶᠠᠬᠤ ᠥᠬᠡᠶ ᠪᠥᠭᠡᠳ ᠳᠥᠭᠦᠮ ᠳᠥᠲᠡ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠵᠥᠪᠯᠡᠯᠭᠡ ᠥᠭᠬᠦ  ᠦᠢᠯᠡᠴᠢᠯᠡᠭᠡ ᠬᠠᠩᠭᠠᠵᠤ᠂ ᠬᠠᠤᠯᠢ ᠴᠠᠭᠠᠵᠠ ᠶᠢᠨ ᠭᠠᠵᠠᠷ ᠤᠨ ᠠᠵᠢᠯ ᠤᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ  ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠰᠠᠭᠤᠭᠠᠯᠢ ᠠᠷᠠᠳ ᠵᠥᠪᠬᠡᠨ ᠸᠢᠴᠠᠲ ᠤᠨ ᠴᠤᠭᠯᠠᠷᠠᠯ ᠳᠤ ᠴᠥᠷᠬᠡᠯᠡᠭᠡ ᠶᠢ ᠳᠣᠲᠣᠯᠠᠪᠠᠯ ᠳᠠᠷᠤᠶ ᠴᠠᠭ ᠲᠤᠬᠠᠶ ᠳᠤᠨᠢ ᠬᠠᠤᠯᠢ ᠴᠠᠭᠠᠵᠠ ᠶᠢᠨ ᠵᠥᠪᠯᠡᠯᠭᠡ ᠥᠭᠬᠦ ᠶᠢ ᠡᠬᠢᠯᠡᠭᠦᠯᠵᠦ᠂ ᠬᠡᠷᠡᠭᠯᠡᠬᠦ ᠳᠤ ᠲᠥᠬᠦᠮ ᠪᠣᠯᠤᠨ᠎ᠠ᠃ ᠣᠳᠣᠬᠠᠨ ᠳᠤ᠂ AI ᠳᠡᠳ᠋ ᠳᠠᠷᠤᠭ᠎ᠠ ᠶᠠᠭ ᠲᠤᠷᠰᠢᠬᠤ ᠱᠠᠲᠤᠨ ᠳᠤ ᠣᠷᠣᠰᠢᠵᠤ᠂ ᠦᠷᠭᠦᠯᠵᠢᠯᠡᠨ ᠬᠡᠷᠡᠭᠯᠡᠬᠦ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠰᠠᠭᠤᠭᠠᠯᠢ ᠠᠷᠠᠳ ᠤᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ AI ᠳᠡᠳ᠋ ᠳᠠᠷᠤᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ AI ᠮᠡᠷᠭᠡᠵᠢᠯ ᠢ ᠬᠠᠤᠯᠢ ᠴᠠᠭᠠᠵᠠ ᠶᠢᠨ ᠬᠦᠷᠢᠶᠡᠨ ᠳᠤ ᠭᠦᠨᠵᠡᠭᠡᠶ ᠬᠡᠷᠡᠭᠯᠡᠬᠦ ᠶᠢ ᠦᠷᠭᠦᠯᠵᠢᠯᠡᠨ ᠰᠦᠪᠡᠭᠴᠢᠯᠡᠵᠦ᠂ ᠦᠢᠯᠡᠴᠢᠯᠡᠭᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ AI ᠮᠡᠷᠭᠡᠵᠢᠯ ᠤᠨ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠶᠢ ᠨᠠᠩ ᠣᠶᠤᠨᠴᠢ᠂ ᠥᠨᠳᠥᠷ ᠪᠦᠲᠦᠮᠵᠢᠲᠡᠶ ᠪᠠᠶᠢᠯᠭᠠᠵᠤ᠂ ᠨᠠᠩ ᠣᠯᠠᠨ ᠰᠠᠭᠤᠭᠠᠯᠢ ᠠᠷᠠᠳ ᠲᠤ ᠠᠰᠢᠭ ᠬᠦᠷᠲᠡᠭᠡᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1