3 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠵᠠᠩ ᠯᠢ ᠵᠢᠶᠦ᠋ᠨ ᠪᠦᠯᠬᠦᠮ ᠳᠠᠭᠠᠭᠤᠯᠤᠨ ᠠᠶᠤᠯᠭᠦᠢ ᠦᠢᠯᠡᠳᠪᠦᠷᠢᠯᠡᠯ ᠪᠣᠯᠤᠨ ᠬᠠᠳᠤᠨ ᠭᠤᠣᠯ ᠤᠨ ᠰᠦᠩ | ᠬᠠᠯᠢᠶ᠎ᠠ ᠶᠢ ᠰᠡᠷᠭᠡᠶᠢᠯᠡᠬᠦ᠂ ᠤᠢ ᠰᠢᠭᠤᠢ ᠶᠢᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠠᠶᠢᠴᠠᠭᠠᠪᠠ᠃ | ᠨᠠᠨ ᠮᠧᠨ ᠸᠠᠢ ᠵᠡᠭᠡᠯᠢ ᠭᠤᠳᠤᠮᠵᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ | ᠥᠷᠲᠡᠭᠡ᠂ ᠲᠢᠶᠠᠨ ᠾᠦᠢ ᠮᠢᠩ ᠯᠧᠦ ᠠᠯᠪᠠᠯᠠᠬᠤ ᠠᠰᠠᠷ᠂ ᠱᠢ ᠪᠥᠸᠧ ᠬᠤᠭᠤᠯᠠ ᠬᠤᠨᠤᠭ ᠤᠨ ᠠᠩᠭᠢ᠂ ᠵᠢᠨᠴᠢᠦ | ᠨᠠᠰᠤᠲᠠᠨ ᠢ ᠠᠰᠠᠷᠠᠬᠤ ᠬᠦᠷᠢᠶᠡᠯᠡᠩ ᠳᠤ᠂ ᠵᠠᠩ ᠯᠢ ᠵᠢᠶᠦ᠋ᠨ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠡᠳᠦᠷ | ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠪᠠ᠃ ᠲᠡᠷᠡ | ᠂ ᠡᠯ᠎ᠡ ᠡᠵᠡᠩᠨᠡᠯᠲᠡ ᠶᠢᠨ ᠭᠤᠣᠯ ᠴᠣᠭᠴᠠ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠣᠯᠤᠨ | ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ | ᠭᠡᠵᠦ ᠬᠡᠯᠡᠪᠡ᠃ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠬᠥᠮᠦᠨ ᠬᠠᠷ᠎ᠠ ᠲᠥᠪᠯᠡᠷᠡᠭᠰᠡᠨ ᠪᠠ ︽ᠶᠢᠰᠦᠨ ᠪᠠᠭ᠎ᠠ︾ | ᠲᠠᠯᠠᠪᠤᠷ ᠭᠠᠵᠠᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠴᠢᠩᠭ᠎ᠠ ᠠᠩᠬᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠪᠠ ᠪᠣᠳᠠᠲᠠᠶ ᠪᠣᠯᠪᠠᠰᠤᠷᠠᠯ ᠤᠨ | ᠪᠣᠯᠪᠠᠰᠤᠷᠠᠭᠤᠯᠤᠯ ᠢ ᠴᠢᠩᠭᠠᠷᠠᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠲᠦᠢᠯᠪᠤᠷᠢᠲᠠᠶ ᠴᠡᠭᠴᠡᠯᠡᠨ | ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠪᠠᠨ | ᠤᠯᠠᠮ ᠨᠢᠭᠡ ᠠᠯᠬᠤᠮ ᠰᠢᠯᠤᠭᠤᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ | ᠲᠣᠬᠢᠷᠠᠭᠤᠯᠤᠯᠲᠠ ᠪᠠᠨ ᠴᠢᠩᠭᠠᠳᠬᠠᠬᠤ ᠬᠡᠷᠡᠭᠲᠡᠶ᠃ | ᠨᠠᠨ ᠬᠠᠢ ᠶᠢᠨ ᠠᠶᠤᠯᠲᠠᠢ ᠪᠠᠷᠢᠯᠭ᠎ᠠ ᠶᠢᠨ ᠬᠡᠰᠡᠭ ᠲᠤ᠂ ᠵᠠᠩ ᠯᠢ ᠵᠢᠶᠦ᠋ᠨ ᠬᠠᠳᠤᠨ ᠭᠤᠣᠯ ᠤᠨ ᠠᠶᠤᠯᠲᠠᠢ | ᠪᠠᠷᠢᠯᠭ᠎ᠠ ᠶᠢᠨ ᠵᠠᠮ ᠳᠠᠭᠠᠤ ᠶᠢᠨ ᠰᠦᠩ ᠬᠠᠯᠢᠶ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ ᠬᠡᠯᠡᠭᠰᠡᠨ ᠨᠢ᠂ ᠡᠯ᠎ᠡ ᠰᠠᠯᠠᠭ᠎ᠠ ᠮᠥᠴᠢᠷ᠂ ᠪᠠᠯᠭᠠᠰᠤ ᠴᠠᠭ ᠠᠭᠤᠷ᠂ ᠰᠦᠩ ᠬᠠᠯᠢᠶ᠎ᠠ ᠶᠢᠨ ᠪᠠᠶᠢᠳᠠᠯ ᠤᠨ | ᠬᠤᠪᠢᠷᠠᠯᠲᠠ ᠶᠢ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠠᠶᠤᠯᠲᠠᠶ ᠪᠠᠷᠢᠯᠭ᠎ᠠ ᠶᠢᠨ | ᠠᠶᠤᠯᠲᠠᠶ ᠬᠡᠰᠡᠭ ᠪᠠ ᠭᠤᠤᠯᠳᠠᠯᠭ᠎ᠠ ᠲᠠᠢ ᠬᠡᠰᠡᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠡᠳᠦᠷ | ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠣᠳᠠᠰ ᠤᠨ ᠮᠠᠲ᠋ᠧᠷᠢᠶᠠᠯ᠂ ᠮᠠᠰᠢᠨ ᠪᠠᠭᠠᠵᠢ | ᠵᠡᠷᠭᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠭᠤᠣᠯ ᠨᠡᠭᠡᠭᠡᠬᠦ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠶ ᠭᠡᠵᠡᠶ᠃ | ᠰᠠᠨ ᠾᠧ ᠶᠤᠸᠠᠨ ᠭᠧᠦ ᠳᠤ᠂ ᠵᠠᠩ ᠯᠢ ᠵᠢᠶᠦ᠋ᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ | ᠃ ᠲᠡᠷᠡ ᠬᠡᠯᠡᠭᠰᠡᠨ ᠨᠢ᠂ ︽ᠰᠡᠷᠭᠡᠶᠢᠯᠡᠬᠦ︾ ᠳᠤ ᠰᠠᠭᠤᠷᠢᠯᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ | ᠭᠤᠭᠴᠤᠭ᠎ᠠ ᠶᠢ ᠴᠢᠩᠭᠠᠳᠬᠠᠵᠤ᠂ ᠤᠢ ᠰᠢᠭᠤᠢ ᠶᠢᠨ ᠭᠠᠯ ᠰᠡᠷᠭᠡᠶᠢᠯᠡᠬᠦ ᠨᠡᠶᠢᠲᠡᠯᠢᠭ ᠬᠡᠷᠡᠭ ᠤᠨ ᠵᠢᠱᠢᠶ᠎ᠡ᠂ ᠭᠠᠯ | ᠰᠡᠷᠭᠡᠶᠢᠯᠡᠬᠦ ᠠᠮᠤᠷ ᠲᠦᠪᠰᠢᠨ ᠤ ᠵᠢᠷᠤᠮᠵᠢᠯ ᠵᠡᠷᠭᠡ ᠲᠠᠢ ᠤᠶᠠᠯᠳᠤᠭᠤᠯᠤᠨ ᠬᠠᠨᠳᠤᠯᠭᠠᠲᠤ ᠴᠢᠨᠠᠷ᠂ ᠪᠦᠲᠦᠮᠵᠢᠲᠡᠢ | ᠴᠢᠨᠠᠷ ᠤᠨ ᠤᠬᠠᠭᠤᠯᠭ᠎ᠠ᠂ ᠬᠥᠮᠦᠵᠢᠯ᠂ ᠬᠦᠳᠦᠯᠦᠨ ᠵᠢᠯᠣᠭᠤᠳᠬᠤ ᠶᠢ ᠥᠷᠨᠢᠭᠦᠯᠵᠦ᠂ ᠤᠯᠠᠨ ᠲᠦᠮᠡᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ | ᠠᠵᠢᠯ ᠢ ᠤᠨᠢᠨ ᠳᠡᠭᠡᠷ᠎ᠡ ᠨᠢ ᠰᠠᠶᠢᠲᠤᠷ ᠬᠢᠬᠦ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠦ᠋ ᠭᠦᠸᠧ ᠳ᠋ᠦᠩ᠂ ᠪᠥᠬᠡ ᠵᠢᠷᠭᠠᠯ ᠵᠢᠴᠢ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤᠨ ᠤ | ᠬᠠᠷᠢᠭᠤᠴᠠᠯᠭᠠᠲᠠᠨ ᠨᠥᠬᠦᠳ ᠣᠷᠣᠯᠴᠠᠪᠠ᠃ | |