ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠣᠨᠴᠠ ᠲᠥᠷᠥᠯ ᠤᠨ | ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ︽3.15︾ ᠤ ᠣᠯᠠᠨ | ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | ᠲᠣᠰ ᠤᠳᠠᠭᠠᠨ ᠤ ᠠᠵᠢᠯᠯᠠᠭ᠎ᠠ ᠨᠢ ᠴᠠᠬᠢᠯᠭᠠᠨ ᠱᠠᠲᠤ᠂ ᠳᠠᠷᠤᠯᠲᠠᠲᠤ ᠰᠠᠪᠠ᠂ ᠡᠷᠭᠦᠭᠦᠯ ᠮᠠᠰᠢᠨ ᠵᠡᠷᠭᠡ ᠣᠨᠴᠠ | ᠲᠥᠷᠥᠯ ᠤᠨ ᠲᠥᠬᠦᠭᠡᠷᠦᠮᠵᠢ ᠶᠢᠨ ᠲᠣᠭᠤᠷᠢᠨ ᠳᠤ᠂ ︽ᠡᠬᠡ ᠲᠠᠩᠰᠠ ᠶᠢ ᠪᠠᠶᠢᠴᠠᠭᠠᠨ ᠲᠤᠬᠠᠶ ᠶᠢᠨ ᠲᠠᠯᠠᠪᠤᠷ ᠢ | ᠦᠵᠡᠬᠦ︾ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ᠂ | ᠰᠡᠷᠡᠮᠵᠢᠯᠡᠭᠦᠯᠬᠦ ᠲᠡᠮᠳᠡᠭ ᠵᠡᠷᠭᠡ ᠲᠠᠯ᠎ᠠ ᠪᠠᠷ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ | ᠪᠠᠶᠢᠴᠠᠭᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠪᠠᠴᠢᠮ | ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠪᠠ᠃ ᠡᠭᠦᠨ ᠤ ᠬᠠᠮᠲᠤ᠂ ︽12315︾ | ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠯᠪᠣᠭᠳᠠᠭᠰᠠᠨ ᠵᠠᠭᠠᠯᠳᠤᠯᠭ᠎ᠠ ᠶᠢᠨ ᠰᠦᠪᠡᠭᠴᠢ ᠶᠢ ᠲᠦᠷᠭᠡᠨ ᠳᠠᠭᠠᠵᠤ᠂ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨ ᠬᠦ ᠬᠠᠮᠠᠭᠠᠯᠠᠪᠠ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠦᠷᠭᠦᠯᠵᠢᠯᠡᠨ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ |