ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠰᠠᠷᠠ ᠶᠢᠨ ᠰᠢᠮ᠎ᠡ ᠲᠡᠵᠢᠭᠡᠯᠲᠦ ᠬᠤᠭᠤᠯᠠ ᠪᠣᠯᠪᠠᠰᠤᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/14
   ᠣᠶᠢᠷ᠎ᠠ ᠳᠤ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠯᠢᠶᠠᠨ ᠾᠧ ᠠᠶ ᠮᠧᠶ ᠬᠡᠷ ᠪᠦᠯᠢ ᠶᠢᠨ ᠦᠢᠯᠡᠴᠢᠯᠡᠭᠡᠨ‌‍ᠤ  ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠷ ᠤᠨ ᠭᠠᠳᠠᠨᠠᠬᠢ ᠬᠥᠳᠡᠯᠮᠦᠷᠢᠴᠢᠳ ᠤᠨ ᠥᠷᠲᠡᠭᠡ ᠳᠤ 3 ᠡᠳᠦᠷ ᠤᠨ ᠬᠤᠭᠤᠴᠠᠭ᠎ᠠ ᠲᠠᠢ ᠰᠠᠷᠠ ᠶᠢᠨ ᠰᠢᠮ᠎ᠡ ᠲᠡᠵᠢᠭᠡᠯᠲᠦ ᠬᠤᠭᠤᠯᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠳᠤᠮᠳᠠ᠂ 30 ᠭᠠᠷᠤᠶ ᠵᠢᠯ ᠤᠨ ᠠᠵᠢᠯ ᠤᠨ ᠲᠤᠷᠰᠢᠯᠭ᠎ᠠ ᠲᠠᠢ ᠲᠤᠰᠬᠠᠶ ᠮᠡᠷᠭᠡᠵᠢᠯ ᠤᠨ ᠪᠠᠭᠰᠢ ᠣᠯᠠᠨ ᠳᠤ ᠰᠢᠨᠵᠢᠯᠡᠬᠦ ᠤᠬᠠᠭᠠᠨ ᠤ ᠰᠢᠮ᠎ᠡ ᠲᠡᠵᠢᠭᠡᠯ ᠤᠨ ᠬᠤᠭᠤᠯᠠ ᠶᠢ ᠲᠣᠬᠢᠷᠠᠭᠤᠯᠬᠤ ᠣᠨᠣᠯ ᠤᠨ ᠮᠡᠳᠡᠯᠭᠡ ᠶᠢ ᠲᠠᠶᠢᠯᠪᠤᠷᠢᠯᠠᠨ ᠥᠭᠴᠦ ᠲᠤᠬᠠᠶ ᠶᠢᠨ ᠲᠠᠯᠠᠪᠤᠷ ᠲᠤ ᠵᠢᠱᠢᠶ᠎ᠡ ᠦᠵᠡᠭᠦᠯᠪᠡ᠃ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠭᠲᠠ ᠲᠡᠮᠳᠡᠭᠯᠡᠵᠦ᠂ ᠢᠳᠡᠪᠬᠢᠲᠡᠢ ᠣᠷᠣᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠯ᠎ᠠ᠃ ᠪᠡᠷᠭᠡᠨ ᠵᠠᠩ ᠹᠠᠩ᠄ ︽ᠰᠢᠰᠲ᠋ᠧᠮ ᠲᠠᠢ ᠪᠠᠷ ᠰᠤᠷᠤᠯᠴᠠᠬᠤ ᠪᠠᠷ ᠲᠠᠮᠵᠢᠨ᠂ ᠪᠢ ᠰᠢᠮ᠎ᠡ ᠲᠡᠵᠢᠭᠡᠯ ᠡᠯᠪᠡᠭ᠂ ᠠᠮᠳᠠᠳᠠᠢ ᠰᠠᠷᠠ ᠶᠢᠨ ᠬᠤᠭᠤᠯᠠ ᠬᠢᠬᠦ ᠤᠷ᠎ᠠ ᠮᠡᠷᠭᠡᠵᠢᠯ ᠢ ᠡᠵᠡᠮᠰᠢᠭᠰᠡᠨ ᠢᠶᠠᠷ ᠪᠠᠷᠠᠬᠤ ᠦᠭᠡᠢ᠂ ᠪᠠᠰᠠ ᠵᠢᠷᠮᠦᠰᠦᠨ ᠬᠤᠭᠤᠴᠠᠭᠠᠨ ᠤ ᠡᠷᠡᠭᠦᠯᠵᠢᠯ ᠪᠠ ᠬᠥᠩᠭᠡᠵᠢᠭᠰᠡᠨ ᠤ ᠳᠠᠷᠠᠭᠠᠬᠢ ᠰᠤᠪᠢᠯᠠᠯᠲᠠ ᠶᠢᠨ ᠮᠡᠳᠡᠯᠭᠡ ᠶᠢ ᠭᠦᠨᠵᠡᠭᠡᠢ ᠣᠶᠢᠯᠠᠭᠠᠪᠠ᠃ ᠡᠳᠡᠭᠡᠷ ᠮᠡᠳᠡᠯᠭᠡ ᠨᠢ ᠨᠠᠮ᠎ᠠ ᠶᠢ ᠨᠢᠭᠡᠨ ᠠᠯᠲᠠᠨ ᠮᠧᠳᠠᠯ ᠪᠣᠯᠬᠤ ᠳᠤ ᠲᠤᠰᠠᠲᠠᠢ ᠪᠥᠭᠡᠳ ᠪᠠᠰᠠ ᠨᠠᠮ᠎ᠠ ᠶᠢ ᠭᠡᠷ ᠤᠨ ᠬᠥᠮᠦᠰ ᠢᠶᠠᠨ ᠨᠡᠩ ᠰᠠᠢᠨ ᠬᠠᠷᠠᠭᠠᠯᠵᠠᠭ ᠤᠯᠤᠨ᠎ᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠠᠵᠢᠯ ᠮᠡᠷᠭᠡᠵᠢᠯ ᠤᠨ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ ᠤᠨ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠳᠠᠬᠢᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠤᠷ᠎ᠠ ᠴᠢᠳᠠᠪᠤᠷᠢ ᠶᠢᠨ ᠳᠡᠭᠡᠭᠰᠢᠯᠡᠯᠲᠡ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃  
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1