ᠳ᠋ᠦᠩ ᠾᠧ ᠲᠣᠭᠤᠷᠢᠭ ᠤᠨ ᠤᠬᠠᠭᠤᠯᠭ᠎ᠠ ᠶᠢᠨ ᠨᠢᠭᠡᠳᠦᠮᠡᠯ ᠹᠷᠣᠨᠲ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠵᠣᠬᠢᠶᠠᠨ ᠪᠠᠶᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/14
   3 ᠰᠠᠷ᠎ᠠ ᠶᠢᠨ 14 ᠤ ᠡᠳᠦᠷ᠂ ᠳ᠋ᠦᠩ ᠾᠧ ᠲᠣᠭᠤᠷᠢᠭ ᠤᠨ ᠬᠢᠨ ᠤᠬᠠᠭᠤᠯᠭ᠎ᠠ ᠶᠢᠨ ᠨᠢᠭᠡᠳᠦᠮᠡᠯ ᠹᠷᠣᠨᠲ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠵᠣᠬᠢᠶᠠᠨ ᠪᠠᠶᠢᠭᠤᠯᠬᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠠᠵᠢᠯ ᠤᠨ ᠦᠷ᠎ᠡ ᠪᠦᠲᠦᠮᠵᠢ ᠪᠠᠨ ᠳ᠋ᠦᠩᠨᠡᠵᠦ᠂ ᠪᠦᠬᠦ ᠲᠣᠭᠤᠷᠢᠭ ᠤᠨ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠰᠦᠸᠧ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠤᠩ ᠶᠠᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠨ ᠯᠢ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠧᠦ ᠶᠦᠩ ᠸᠧᠢ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠯᠢᠦᠢ ᠵᠢᠶᠦ᠋ᠨ ᠲᠤᠰ ᠲᠤᠰ 2024 ᠣᠨ ᠤ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠳ᠋ᠦᠩᠨᠡᠵᠦ᠂ 2025 ᠣᠨ ᠤ ᠪᠦᠬᠦ ᠲᠤᠭᠤᠷᠢᠭ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ  ᠦᠢᠯᠡᠴᠢᠯᠡᠵᠦ᠂ ᠡᠭᠦᠷᠭᠡ ᠴᠢᠳᠠᠪᠤᠷᠢ ᠪᠠᠨ ᠢᠳᠡᠪᠬᠢᠲᠡᠶ  ᠭᠦᠢᠴᠡᠳᠭᠡᠵᠦ᠂  ᠦᠢᠯᠡᠳᠦᠯ ᠢᠶᠠᠨ  ᠭᠦᠢᠴᠡᠳ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠨᠢᠭᠡᠳᠦᠮᠡᠯ ᠹᠷᠣᠨᠲ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠦ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠪᠠ᠃    ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠢᠳᠪᠦᠷᠢᠲᠦ ᠳᠠᠶᠢᠯᠠᠯᠳᠤᠭᠠᠨ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠠᠬᠢᠭᠤᠯᠵᠤ᠂ ︽ᠲᠠᠶᠢᠯᠪᠦᠷᠢᠯᠠᠬᠤ ᠰᠡᠳᠬᠢᠬᠦᠢ︾ ᠪᠠᠨ ᠪᠠᠳᠠᠷᠠᠭᠤᠯᠵᠤ᠂ ᠬᠦᠴᠢᠷ ᠠᠰᠠᠭᠤᠳᠠᠯ ᠤᠨ ᠡᠮᠦᠨ᠎ᠡ ᠲᠦᠯᠬᠢᠯᠴᠡᠬᠦ ᠦᠭᠡᠢ᠂ ᠠᠵᠢᠯ ᠤᠨ ᠡᠮᠬᠢ ᠵᠢᠷᠤᠮ ᠲᠠᠢ ᠬᠦᠴᠦᠲᠡᠢ ᠥᠷᠨᠢᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠳᠤ ᠰᠠᠭᠤᠷᠢᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠠᠵᠢᠯ ᠤᠨ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠵᠢᠯ ᠤᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠪᠦᠬᠦ ᠬᠤᠲᠠ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠨᠥᠯᠥᠭᠡᠯᠡᠬᠦ ᠬᠦᠴᠦᠨ ᠲᠠᠢ ᠨᠢᠭᠡ ᠪᠦᠯᠦᠭ ᠠᠵᠢᠯ ᠤᠨ ᠬᠢᠯᠠᠰ ᠴᠡᠭ ᠢ ᠡᠭᠦᠳᠴᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠲᠦᠷᠦᠭᠦᠯᠡᠨ ᠲᠤᠤᠱᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠣᠯᠤᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠤᠯᠤᠰ ᠲᠦᠷᠦ ᠶᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠵᠢᠱᠢᠶᠡᠴᠢ ᠰᠠᠯᠠᠭ᠎ᠠ ᠮᠥᠴᠢᠷ ᠪᠣᠯᠬᠤ ᠪᠠᠷ ᠴᠢᠷᠮᠠᠶᠢᠬᠤ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ︽ᠬᠠᠮ ᠨᠢᠳᠤᠷᠭ᠎ᠠ︾ ᠶᠢ ᠰᠠᠶᠢᠲᠤᠷ ᠬᠢᠵᠦ᠂ ︽ᠨᠠᠶᠢᠷᠠᠯ ᠬᠥᠭᠵᠢᠮ︾ ᠢ ᠰᠠᠶᠢᠲᠤᠷ ᠳᠠᠭᠤᠯᠠᠵᠤ᠂ ᠪᠦᠬᠦ ᠣᠷᠣᠨ ᠤ ᠥᠭᠡᠷᠡᠴᠢᠯᠡᠯᠲᠡ ᠬᠥᠭᠵᠢᠯᠲᠡ ᠳᠤ ᠬᠠᠮᠲᠤ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠬᠤᠷᠠᠯ ᠠᠴᠠ᠂ ᠰᠢᠨ᠎ᠡ ᠪᠠᠶᠢᠳᠠᠯ ᠳᠣᠣᠷᠠᠬᠢ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠴᠢᠨᠠᠭᠰᠢᠳᠠ ᠡᠭᠦᠳᠴᠦ᠂ ᠪᠣᠳᠠᠲᠠᠢ ᠠᠵᠢᠯᠯᠠᠬᠤ ᠪᠠᠷ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠬᠡᠷᠡᠭᠲᠡᠢ᠃    ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠨ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠲᠥᠯᠥᠭᠡᠯᠡᠭᠴᠢ ᠬᠥᠮᠦᠰ ᠵᠢᠴᠢ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1