ᠬᠡᠷᠡᠭᠯᠡᠭᠡ ᠳᠤ ᠬᠠᠨᠤᠮᠵᠢᠲᠠᠢ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠵᠦ᠂ | ᠳ᠋ᠦᠩ ᠾᠧ ᠲᠣᠭᠤᠷᠢᠭ ᠤᠨ ᠰᠠᠭᠤᠭᠠᠯᠢ ᠠᠷᠠᠳ ᠤᠨ ᠴᠢᠨᠠᠷ ᠴᠢᠨᠰᠠᠭ᠎ᠠ ᠶᠢᠨ ᠠᠮᠢᠳᠤᠷᠠᠯ ᠢ ᠭᠦᠨᠵᠡᠭᠡᠢ | ᠭᠡᠷᠡᠯᠲᠦᠭᠦᠯᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ︽3 · 15︾ ᠤ ᠤᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ | ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠵᠦ᠂ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠶᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ | ᠵᠠᠰᠠᠬᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠬᠡᠷᠡᠭᠯᠡᠭᠡᠨ ᠤ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠣᠷᠣᠨ ᠪᠦᠰᠡ ᠶᠢᠨ ᠵᠠᠬ᠎ᠠ ᠳᠡᠯᠭᠡᠭᠦᠷ ᠤᠨ ᠳᠠᠯᠳᠠ ᠴᠢᠳᠠᠪᠤᠷᠢ ᠶᠢ ᠬᠥᠭᠵᠢᠭᠡᠵᠦ᠂ ᠳ᠋ᠦᠩ ᠾᠧ ᠲᠣᠭᠤᠷᠢᠭ ᠤᠨ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ | ᠲᠥᠯᠥᠭᠡ ᠶᠤᠮ᠃ | | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠳᠤ᠂ ᠳ᠋ᠦᠩ | ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ᠢᠳᠡᠪᠬᠢᠲᠡᠶ ᠪᠠᠶᠢᠷᠢᠯᠠᠭᠤᠯᠵᠤ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠠᠵᠢᠯᠯᠠᠭ᠎ᠠ ᠶᠢᠨ | ᠲᠥᠰᠦᠯ ᠲᠣᠭᠲᠠᠭᠠᠵᠤ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠪᠠ᠃ ᠦ᠋ ᠶᠤᠸᠠᠢ ᠲᠠᠯᠠᠪᠠᠶ᠂ ᠮᠦᠸᠧ ᠡᠯ | ᠴᠧᠩ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠭᠦᠨᠵᠡᠭᠡᠶᠢᠷᠡᠵᠦ᠂ ᠣᠷᠣᠵᠤ | ᠰᠠᠭᠤᠭᠰᠠᠨ ᠬᠤᠳᠠᠯᠳᠤᠭᠠᠴᠢᠨ ᠢ ᠬᠠᠪᠰᠤᠷᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ | ᠬᠤᠳᠠᠯᠳᠤᠭᠠᠨ ᠤ ᠡᠷᠦᠬᠡ ᠶᠢ ᠬᠠᠪᠰᠤᠷᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ | ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠨᠢ ᠵᠢᠷᠤᠮᠵᠢᠭᠤᠯᠪᠠ᠃ ᠸᠢᠴᠠᠲ᠂ ᠰᠦᠯᠵᠢᠶ᠎ᠡ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢ ᠠᠰᠢᠭᠯᠠᠨ ᠣᠯᠠᠨ ᠲᠦᠮᠡᠨ ᠳᠤ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠶᠢ | ᠢᠳᠡᠪᠬᠢᠲᠡᠶ ᠬᠥᠲᠥᠯᠦᠨ ᠵᠢᠯᠣᠭᠤᠳᠪᠠ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ | ᠬᠥᠨᠳᠡᠯᠡᠨ ᠪᠢᠴᠢᠭᠡᠰᠦ ᠡᠯᠭᠦᠬᠦ᠂ LED ᠡᠯᠧᠺᠲᠷᠣᠨ ᠳᠡᠯᠭᠡᠴᠡ ᠶᠢ ᠬᠡᠷᠡᠭᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ | ︽3 · 15︾ ᠤ ᠭᠤᠤᠯ ᠰᠡᠳᠦᠪ ᠢ ᠤᠬᠠᠭᠤᠯᠪᠠ᠃ ᠣᠶᠢᠷ᠎ᠠ ᠶᠢᠨ ᠬᠤᠭᠤᠴᠠᠭᠠᠨ ᠳᠤ ᠪᠠᠶᠢᠴᠠᠭᠠᠵᠤ ᠬᠤᠷᠢᠶᠠᠭᠰᠠᠨ | ᠡᠷᠬᠡ ᠳᠤ ᠬᠠᠯᠳᠠᠭᠰᠠᠨ ᠲᠠᠸᠠᠷ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ᠂ ᠬᠢᠷᠢ ᠲᠡᠩᠴᠡᠬᠦ ᠥᠬᠡᠶ ᠦᠢᠯᠡᠳᠬᠦᠨ | ᠵᠡᠷᠭᠡ 30 ᠭᠠᠷᠤᠶ ᠵᠦᠢᠯ ᠤᠨ ᠲᠠᠸᠠᠷ ᠢ ᠲᠥᠪᠯᠡᠷᠡᠭᠦᠯᠦᠨ ᠤᠰᠠᠳᠬᠠᠵᠤ᠂ ᠶᠡᠷᠦᠩᠬᠡᠢ ᠦᠨ᠎ᠡ ᠨᠢ ᠪᠠᠷᠤᠭ 5 ᠲᠦᠮᠡ | ᠭᠠᠷᠤᠢ ᠲᠥᠭᠦᠷᠢᠭ᠂ ᠬᠠᠤᠯᠢ ᠪᠤᠰᠤ ᠡᠵᠡᠩᠨᠡᠭᠴᠢ ᠶᠢ ᠬᠦᠴᠦᠲᠡᠶ ᠰᠦᠷᠳᠡᠭᠦᠯᠪᠡ᠃ | | | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ 3 ᠰᠠᠷ᠎ᠠ ᠶᠢᠨ 15 ᠤ ᠡᠳᠦᠷ᠂ ᠳ᠋ᠦᠩ ᠾᠧ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠥᠢᠯᠡᠳᠦᠯᠭᠡ ᠶᠢᠨ | ᠥᠢᠯᠡᠴᠢᠯᠡᠭᠡᠨ ᠤ ᠲᠥᠪ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠣᠯᠠᠨ | ᠨᠢᠭᠡᠴᠡ ᠲᠠᠢ ᠬᠤᠯᠪᠣᠭᠠᠯᠠᠨ ᠸᠧᠢ ᠳ᠋ᠦᠸᠧ ᠯᠢ ᠮᠦᠸᠧ ᠡᠯ ᠬᠤᠲᠠ ᠶᠢᠨ ᠭᠤᠤᠯ ᠬᠤᠷᠠᠯ ᠤᠨ ᠲᠠᠯᠠᠪᠠᠶ ᠵᠢᠴᠢ | ᠥᠷᠲᠡᠭᠡᠨ ᠤ ᠬᠤᠶᠢᠲᠤ ᠵᠠᠮ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠶᠤᠸᠠᠨ ᠳ᠋ᠠ ᠵᠠᠬ᠎ᠠ ᠳᠡᠯᠭᠡᠭᠦᠷ᠂ ᠨᠠᠨ | ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠷᠠᠭᠤᠨᠳᠠᠬᠢ ᠵᠠᠬ᠎ᠠ ᠳᠡᠯᠭᠡᠭᠦᠷ᠂ ᠮᠧᠩ ᠢ ᠰᠢᠩ ᠵᠠᠬ᠎ᠠ | ᠳᠡᠯᠭᠡᠭᠦᠷ᠂ ᠪᠠᠷᠠᠭᠤᠨ ᠤᠪᠤᠭ᠎ᠠ ᠶᠦᠩ ᠱᠧᠩ ᠴᠧᠩ ᠬᠡᠲᠦ ᠳᠡᠯᠭᠡᠭᠦᠷ᠂ ᠪᠤᠭᠤᠲᠤ ᠶᠢᠨ ᠠᠯᠲᠠᠨ ᠵᠡᠭᠡᠯᠢ ᠵᠡᠷᠭᠡ 8 | ᠬᠤᠪᠢᠶᠠᠷᠢ ᠬᠤᠷᠠᠯ ᠤᠨ ᠲᠠᠯᠠᠪᠠᠶ ᠳᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ | ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡ ᠪᠠᠷ ᠥᠷᠨᠢᠭᠦᠯᠪᠡ᠃ | | ᠭᠤᠤᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠡᠭᠦᠨ ᠳᠤ | ᠢᠳᠡᠭᠡᠨ ᠤ ᠲᠦᠷᠭᠡᠨ ᠪᠠᠶᠢᠴᠠᠭᠠᠯᠲᠠ᠂ ᠬᠡᠷᠡᠭᠯᠡᠭᠡᠨ ᠤ ᠵᠠᠭᠠᠯᠳᠤᠯᠭ᠎ᠠ ᠶᠢᠨ ᠯᠠᠪᠯᠠᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠪᠠ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ᠂ ᠬᠡᠷᠡᠭᠯᠡᠭᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠠᠶᠢᠯᠤᠮᠵᠢ᠂ ᠦᠨᠡᠨ ᠬᠠᠭᠤᠷᠮᠠᠭ ᠲᠠᠮᠠᠬᠢ ᠶᠢ ᠢᠯᠭᠠᠨ ᠲᠠᠨᠢᠬᠤ᠂ ᠢᠳᠡᠭᠡᠨ ᠤ ᠳᠠᠪᠤᠰᠤᠨ ᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠪᠠᠭᠲᠠᠨ᠎ᠠ᠃ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ᠂ ᠬᠡᠷᠡᠭᠯᠡᠭᠴᠢᠳ ᠤᠨ ᠠᠰᠠᠭᠤᠳᠠᠯ ᠳᠤ | ᠬᠠᠷᠢᠭᠤᠯᠲᠠ ᠥᠭᠬᠦ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠵᠡᠷᠭᠡ ᠠᠵᠢᠯᠯᠠᠭ᠎ᠠ ᠥᠷᠨᠢᠭᠦᠯᠪᠡ᠃ | | | ᠠᠵᠢᠯᠯᠠᠭ᠎ᠠ ᠶᠢᠨ ᠲᠤᠬᠠᠶ ᠶᠢᠨ ᠡᠳᠦᠷ᠂ ᠣᠯᠠᠨ ᠲᠦᠮᠡᠨ ᠳᠤ ᠨᠡᠶᠢᠲᠡ 200 ᠭᠠᠷᠤᠶ ᠤᠳᠠᠭᠠᠨ ᠤ ᠵᠥᠪᠯᠡᠯᠭᠡ | ᠥᠭᠬᠦ ᠦᠢᠯᠡᠴᠢᠯᠡᠭᠡ ᠬᠠᠩᠭᠠᠵᠤ᠂ 2000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ | ᠬᠡᠷᠡᠭᠯᠡᠭᠴᠢᠳ ᠤᠨ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠡᠷᠡᠭᠯᠡᠭᠴᠢᠳ ᠤᠨ ᠡᠷᠬᠡ ᠪᠠᠨ | ᠬᠠᠮᠠᠭᠠᠯᠠᠬᠤ ᠢᠲᠡᠭᠡᠯ ᠢ ᠨᠡᠮᠡᠭᠳᠡᠭᠦᠯᠪᠡ᠃ | ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ ︽3 · 15︾ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ | ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ | ᠠᠷᠭ᠎ᠠ ᠮᠠᠶ᠋ᠢᠭ ᠲᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠦᠵᠡᠯ | ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠳᠤ ᠨᠡᠶᠢᠭᠡᠮ ᠢᠶᠠᠷ ᠢᠶᠠᠨ | ᠬᠠᠮᠲᠤ ᠪᠠᠷ ᠵᠠᠰᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠯ᠎ᠡ ᠲᠠᠯ᠎ᠠ ᠶᠢᠨ ᠬᠦᠴᠦᠨ ᠢ | ᠨᠢᠭᠲᠠᠷᠠᠭᠤᠯᠤᠨ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠬᠠᠮᠲᠤ ᠪᠠᠷ ᠪᠣᠶ | ᠪᠣᠯᠭᠠᠵᠤ᠂ ᠳ᠋ᠦᠩ ᠾᠧ ᠲᠣᠭᠤᠷᠢᠭ ᠤᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ | ᠪᠠᠲᠤᠯᠠᠭ᠎ᠠ ᠬᠠᠩᠭᠠᠨ᠎ᠠ᠃ |