ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠳᠤ ᠬᠠᠲᠤᠨ ᠭᠤᠤᠯ ᠤᠨ ᠮᠥᠷᠭᠦ ᠵᠢᠭᠠᠰᠤᠨ ᠤ ᠨᠠᠶᠢᠷ ᠦᠪᠡᠳᠡᠭᠰᠢ ᠶᠡᠭᠡ ᠪᠠᠷ ᠡᠬᠢᠯᠡᠵᠦ᠂ ᠬᠠᠪᠤᠷ ᠤᠨ ᠡᠳᠦᠷ ᠤᠨ ᠰᠣᠶᠣᠯ ᠵᠢᠭᠤᠯᠴᠢᠯᠠᠯ ᠤᠨ ᠦᠪᠡᠳᠡᠭᠰᠢ ᠨᠠᠶᠢᠷ ᠢ ᠪᠡᠯᠭᠡᠯᠡᠪᠡ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 15 ᠤ ᠡᠳᠦᠷ᠂ ᠪᠤᠭᠤᠲᠤ ᠶᠢᠨ ᠨᠠᠨ ᠬᠠᠢ ᠦᠵᠡᠮᠵᠢ ᠶᠢᠨ ᠣᠷᠣᠨ ᠬᠦᠷ ᠨᠠᠷᠭᠢᠶᠠᠨ ᠪᠠᠷ ᠳᠦᠭᠦᠷᠴᠦ᠂ ᠠᠷᠪᠠᠨ ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠮᠥᠷᠭᠦ ᠵᠢᠭᠠᠰᠤᠨ ᠤ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠮᠠᠨᠳᠠᠷᠠᠸ᠎ᠠ ᠴᠡᠴᠡᠭ ᠤᠨ ᠦᠵᠡᠭᠦᠯᠭᠡ ᠶᠢᠨ ᠰᠠᠯᠬᠢᠨ ᠬᠦᠷᠳᠦ ᠶᠢᠨ ᠨᠠᠶᠢᠷ ᠡᠬᠢᠯᠡᠪᠡ᠃ ᠲᠤᠰ ᠬᠤᠭᠤᠴᠠᠭᠠᠨ ᠤ ᠮᠥᠷᠭᠦ ᠵᠢᠭᠠᠰᠤᠨ ᠤ ᠨᠠᠶᠢᠷ ᠨᠢ ︽ᠵᠢᠭᠠᠰᠤ ᠲᠠᠢ ᠬᠠᠮᠲᠤ ᠨᠠᠨ ᠬᠠᠢ ᠪᠠᠷ ᠵᠤᠭᠠᠴᠠᠬᠤ︾ ᠪᠠᠷ ᠭᠤᠣᠯ ᠰᠡᠳᠦᠪ ᠪᠣᠯᠭᠠᠵᠤ᠂ ᠬᠤᠳᠠ ᠶᠢᠨ ᠠᠷᠠᠳ ᠪᠣᠯᠤᠨ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠦᠪᠡᠳᠡᠭᠰᠢ ᠴᠤᠭᠯᠠᠭᠠᠨ ᠢ ᠬᠦᠷᠲᠡᠭᠡᠵᠡᠢ᠃
     ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠪᠠᠶᠠᠷ ᠪᠠᠶᠠᠰᠬᠤᠯᠠᠩᠲᠤ ᠳᠠᠭᠤᠤ ᠬᠥᠭᠵᠢᠮ ᠤᠨ ᠠᠶ᠎ᠠ ᠶᠢ ᠳᠠᠭᠠᠯᠳᠤᠨ᠂ ᠠᠵᠢᠯᠯᠠᠭ᠎ᠠ ᠨᠢ ᠵᠢᠭᠠᠰᠤᠨ ᠳ᠋ᠧᠩ ᠤᠨ ᠪᠥᠵᠢᠭ ᠤᠨ ᠲᠣᠭᠯᠠᠯᠲᠠ ᠳᠤᠮᠳᠠ ᠬᠥᠰᠢᠭᠡ ᠪᠠᠨ ᠰᠡᠬᠦᠵᠦ᠂ ᠥᠩᠭᠡ ᠢᠯᠭᠠᠷᠠᠭᠰᠠᠨ ᠵᠢᠭᠠᠰᠤᠨ ᠳ᠋ᠧᠩ ᠪᠥᠵᠢᠭᠴᠢᠳ ᠤᠨ ᠭᠠᠷ ᠲᠤ ᠦᠰᠦᠷᠴᠦ ᠪᠠᠶᠢᠭ᠎ᠠ ᠰᠢᠭ ᠪᠠᠶᠢᠵᠤ ᠂  ᠨᠠᠨ ᠬᠠᠢ ᠶᠢᠨ ᠵᠢᠭᠠᠰᠤᠴᠢᠳ ᠢ ᠲᠤᠬᠠᠶ ᠶᠢᠨ ᠲᠠᠯᠠᠪᠠᠶ ᠳᠤ ᠤᠷᠢᠨ ᠠᠪᠴᠢᠷᠠᠵᠤ᠂ ᠬᠥᠳᠡᠯᠭᠡᠭᠡᠨ ᠳᠤ ᠬᠢᠵᠠᠭᠠᠯᠠᠰᠢ ᠥᠬᠡᠶ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠪᠠ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠲᠦᠷᠦᠭᠦᠤ ᠵᠢᠭᠠᠰᠤᠨ ᠤ ᠦᠨ᠎ᠡ ᠬᠠᠶᠠᠵᠤ ᠬᠤᠳᠠᠯᠳᠤᠬᠤ ᠭᠤᠭᠴᠤᠭ᠎ᠠ ᠣᠯᠠᠨ ᠤ ᠠᠩᠬᠠᠷᠤᠯ ᠢ ᠳᠠᠲᠠᠪᠠ᠃ ᠬᠠᠲᠤᠨ ᠭᠤᠤᠯ ᠤᠨ ᠮᠥᠷᠭᠦ ᠵᠢᠭᠠᠰᠤ ᠶᠢ ᠲᠡᠷᠢ ᠲᠡᠭᠰᠢ ᠳᠡᠯᠭᠡᠵᠦ᠂ ᠦᠨ᠎ᠡ ᠬᠠᠶᠠᠯᠴᠠᠨ ᠲᠣᠭᠯᠠᠭᠴᠢᠳ ᠬᠠᠯᠠᠭᠤᠨ ᠰᠡᠳᠭᠢᠯᠭᠡ ᠣᠷᠭᠢᠯᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨᠲᠡᠢ ᠪᠠᠶᠢᠯ᠎ᠠ᠃ ᠡᠴᠦᠰ ᠲᠤ ᠪᠠᠨ ᠥᠯᠵᠡᠢ ᠪᠡᠯᠭᠡ ᠲᠠᠢ ︽ᠲᠦᠷᠦᠭᠦᠤ ᠵᠢᠭᠠᠰᠤ︾ ᠶᠢ ᠠᠮᠵᠢᠯᠲᠠ ᠲᠠᠢ ᠪᠠᠷ ᠦᠨ᠎ᠡ ᠬᠠᠶᠠᠵᠤ ᠬᠤᠳᠠᠯᠳᠣᠵᠤ᠂ ᠠᠵᠢᠯᠯᠠᠭ᠎ᠠ ᠶᠢᠨ ᠠᠭᠤᠷ ᠠᠮᠢᠰᠬᠤᠯ ᠢ ᠣᠷᠭᠢᠯ ᠳᠤ ᠨᠢ ᠬᠦᠷᠭᠡᠪᠡ᠃
     ᠦᠨ᠎ᠡ ᠬᠠᠶᠠᠵᠤ ᠬᠤᠳᠠᠯᠳᠤᠬᠤ ᠠᠵᠢᠯ ᠳᠠᠭᠤᠰᠤᠭᠰᠠᠨ ᠤ ᠳᠠᠷᠠᠭ᠎ᠠ᠂ ᠦᠵᠡᠮᠵᠢ ᠶᠢᠨ ᠣᠷᠣᠨ ᠳᠤ ᠲᠤᠬᠠᠶ ᠶᠢᠨ ᠲᠠᠯᠠᠪᠠᠢ ᠶᠢᠨ ᠲᠣᠭᠤᠭᠠᠴᠢ ᠬᠠᠲᠤᠨ ᠭᠤᠤᠯ ᠤᠨ ᠮᠥᠷᠭᠦ ᠵᠢᠭᠠᠰᠤ ᠶᠢ ᠶᠠᠩᠵᠤ ᠬᠡᠯᠪᠡᠷᠢ ᠶᠢᠨ ᠵᠢᠭᠠᠰᠤ᠂ ᠰᠢᠨ᠎ᠡ ᠰᠣᠷᠭᠤᠭ ᠵᠢᠭᠠᠰᠤᠨ ᠱᠥᠯᠥ ᠵᠡᠷᠭᠡ ᠣᠨᠴᠠᠯᠢᠭᠲᠤ ᠠᠮᠲᠠᠲᠤ ᠢᠳᠡᠭᠡᠨ ᠪᠣᠯᠭᠠᠨ ᠨᠠᠷᠢᠨ ᠨᠢᠮᠪᠠᠶ ᠬᠢᠵᠦ᠂ ᠦᠨ᠎ᠡ ᠲᠥᠯᠥᠪᠦᠷᠢ ᠥᠬᠡᠶ ᠪᠠᠷ ᠵᠢᠭᠤᠯᠴᠢᠯᠠᠭᠰᠠᠳ ᠲᠤ ᠠᠮᠲᠠᠯᠠᠭᠤᠯᠵᠤ ᠥᠭᠪᠡ᠃ ᠰᠢᠨ᠎ᠡ ᠰᠣᠷᠭᠤᠭ ᠵᠢᠭᠠᠰᠤᠨ ᠤ ᠮᠢᠬ᠎ᠠ᠂ ᠥᠳᠬᠡᠨ ᠱᠥᠯᠥ ᠠᠮᠲᠠᠷᠬᠠᠨ ᠱᠥᠯᠥᠨ ᠤ ᠰᠢᠭᠦᠰᠦ ᠨᠢ ᠵᠢᠭᠤᠯᠴᠢᠳ ᠪᠥᠬᠦᠨ ᠠᠮᠠ ᠬᠠᠮᠬᠢᠯ ᠦᠭᠡᠶ ᠮᠠᠭᠲᠠᠵᠤ᠂ ᠢᠳᠡᠭᠡᠨ ᠤᠮᠳᠠᠭᠠᠨ ᠤ ᠦᠪᠡᠳᠡᠭᠰᠢ ᠨᠠᠶᠢᠷᠠᠯᠭ᠎ᠠ ᠶᠢ ᠲᠠᠭᠠᠰᠢᠶᠠᠵᠠᠶ᠃
     ᠠᠮᠳᠠᠳᠤ ᠬᠤᠭᠤᠯᠠ ᠠᠴᠠ ᠭᠠᠳᠠᠨ᠎ᠠ᠂ ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ ᠤᠯᠠᠨ ᠵᠦᠢᠯ ᠤᠨ ᠭᠤᠶᠢᠳᠠ ᠰᠠᠶᠢᠬᠠᠨ ᠦᠵᠡᠬᠦ ᠵᠦᠢᠯ ᠪᠤᠢ᠃ ᠡᠯᠪᠡᠭ ᠪᠠᠶᠠᠯᠢᠭ ᠠᠭᠤᠯᠭ᠎ᠠ ᠲᠠᠢ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠲᠣᠭᠤᠷᠢᠭ ᠲᠤ᠂ ᠨᠠᠷᠢᠯᠢᠭ ᠰᠠᠶᠢᠬᠠᠨ ᠴᠠᠭᠠᠰᠤᠨ ᠬᠠᠶᠢᠴᠢᠯᠠᠮᠠᠯ᠂ ᠠᠮᠢᠳᠤ ᠳᠦᠷᠰᠦᠯᠢᠭ ᠰᠢᠬᠢᠷ ᠤᠨ ᠢᠳᠡᠭᠡᠨ᠂ ᠭᠠᠷ ᠤᠷᠠᠯᠠᠯ ᠨᠢ ᠭᠤᠶᠢᠳᠠ ᠰᠠᠶᠢᠬᠠᠨ ᠨᠡᠬᠡᠮᠡᠯ ᠤᠨ ᠪᠦᠲᠦᠭᠡᠯ ᠵᠡᠷᠭᠡ ᠨᠢ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠮᠠᠰᠢ ᠤᠯᠠᠨ ᠵᠤᠭᠠᠴᠠᠭᠰᠠᠳ ᠢ ᠲᠠᠲᠠᠵᠤ ᠰᠣᠨᠢᠷᠬᠠᠵᠤ ᠪᠠᠶᠢᠯ᠎ᠠ᠃
     ᠤᠷᠢᠬᠠᠨ ᠰᠠᠯᠬᠢ ᠢᠯᠪᠢᠵᠦ᠂ ᠥᠩᠭᠡ ᠢᠯᠭᠠᠷᠠᠭᠰᠠᠨ ᠰᠠᠯᠬᠢᠨ ᠬᠦᠷᠳᠦ ᠠᠯᠭᠤᠷ ᠡᠷᠭᠢᠯᠳᠦᠵᠦ᠂ ᠢᠷᠠᠭᠤ ᠰᠠᠶᠢᠬᠠᠨ ᠮᠠᠨᠳᠠᠷᠠᠸ᠎ᠠ ᠴᠡᠴᠡᠭ ᠲᠠᠢ ᠬᠠᠷᠢᠯᠴᠠᠨ ᠭᠡᠷᠡᠯᠳᠦᠭᠦᠯᠵᠦ᠂ ᠨᠢᠭᠡᠨ ᠥᠩᠭᠡ ᠢᠯᠭᠠᠷᠠᠮ᠎ᠠ ᠵᠢᠷᠤᠭ ᠢ ᠪᠦᠷᠢᠯᠳᠦᠭᠦᠯᠪᠡ᠃ ᠵᠢᠭᠤᠯᠴᠢᠯᠠᠭᠴᠢᠳ ᠰᠡᠯᠡᠭᠦᠴᠡᠨ ᠠᠯᠬᠤᠵᠤ᠂ ᠶᠠᠭ ᠯᠠ ᠵᠡᠭᠦᠳᠦ ᠵᠡᠷᠭᠡᠯᠭᠡᠨ ᠮᠡᠲᠦ ᠦᠯᠢᠭᠡᠷ ᠳᠣᠮᠤᠭ ᠤᠨ ᠶᠢᠷᠲᠢᠨᠴᠦ ᠳᠤ ᠲᠠᠯᠪᠢᠭᠰᠠᠨ ᠰᠢᠭ ᠪᠠᠶᠢᠪᠠ᠃
     ᠳᠠᠭᠤᠤ ᠪᠥᠵᠢᠭ᠂ ᠥᠨᠳᠥᠷ ᠬᠦᠯᠲᠦ ᠵᠡᠷᠭᠡ ᠠᠷᠠᠳ ᠤᠨ ᠵᠠᠩ ᠦᠢᠯᠡ ᠶᠢᠨ ᠲᠣᠭᠯᠠᠯᠲᠠ ᠡᠭᠡᠯᠵᠢᠯᠡᠨ ᠶᠠᠪᠤᠭᠳᠠᠵᠤ᠂ ᠲᠣᠭᠯᠠᠭᠴᠢᠳ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠪᠦᠷᠢᠨ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃
     ᠡᠭᠦᠠ ᠳᠤ ᠰᠢᠨ᠎ᠡ ᠮᠠᠶ᠋ᠢᠭ ᠤᠨ ᠪᠦᠳᠦᠭᠡᠯᠴᠢ ᠨᠧ ᠵᠠ ᠶᠢᠨ ᠭᠤᠣᠯ ᠰᠠᠲᠣᠪᠲᠤ ᠭᠠᠷ ᠤᠨ ᠵᠢᠷᠤᠭ ᠴᠤ ᠬᠠᠯᠠᠭᠤᠠ ᠤ ᠬᠦᠷᠢᠶᠡᠯᠡᠯ ᠢ ᠲᠠᠲᠠᠵᠤ᠂ ᠮᠠᠰᠢ ᠣᠯᠠᠨ ᠵᠢᠭᠤᠯᠴᠢᠯᠠᠬᠴᠢᠣᠠ ᠢᠯᠠᠩᠭᠤᠶ᠎ᠠ  ᠪᠢᠴᠢᠬᠠᠨ ᠨᠠᠶᠢᠵᠠ ᠨᠠᠷ ᠴᠦᠮ ᠬᠡᠷᠢᠰ ᠤᠨ ᠡᠮᠣᠨ᠎ᠠ ᠰᠡᠭᠦᠳᠡᠷᠯᠡᠵᠦ᠂ ᠡᠨᠠ ᠬᠦ ᠮᠠᠷᠲᠠᠭᠲᠠᠰᠢ ᠣᠢᠭᠡᠢ ᠰᠠᠶᠢᠠ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠵᠦ ᠪᠠᠶᠢᠯ᠎ᠠ᠃
     
     ᠲᠤᠰ ᠤᠳᠠᠭᠠᠨ ᠤ ᠬᠠᠲᠤᠨ ᠭᠤᠣᠯ ᠤᠨ ᠮᠥᠷᠭᠦ ᠵᠢᠭᠠᠰᠤ ᠶᠢᠨ ᠪᠠᠶᠠᠷ ᠵᠢᠴᠢ ᠮᠠᠨᠳᠠᠷᠠᠸ᠎ᠠ ᠴᠡᠴᠡᠭ ᠤᠨ ᠦᠵᠡᠭᠦᠯᠭᠡ ᠶᠢᠨ ᠰᠠᠯᠬᠢᠨ ᠬᠦᠷᠳᠦ ᠶᠢᠨ ᠠᠵᠢᠯᠯᠠᠭ᠎ᠠ ᠨᠢ ᠬᠠᠲᠤᠨ ᠭᠤᠣᠯ ᠤᠨ ᠮᠥᠷᠭᠦ ᠵᠢᠭᠠᠰᠤ ᠶᠢᠨ ᠰᠣᠶᠣᠯ᠂ ᠮᠠᠨᠳᠠᠷᠠᠸ᠎ᠠ ᠴᠡᠴᠡᠭ ᠤᠨ ᠰᠣᠶᠣᠯ ᠪᠣᠯᠤᠨ ᠵᠠᠩ ᠦᠢᠯᠡ ᠶᠢᠨ ᠰᠣᠶᠣᠯ ᠢ ᠬᠠᠷᠢᠯᠴᠠᠨ ᠠᠭᠤᠰᠤᠯᠴᠠᠭᠤᠯᠬᠤ ᠪᠠᠷ ᠪᠠᠷᠠᠬᠤ ᠦᠭᠡᠢ᠂ ᠨᠡᠩ ᠴᠤ᠋ ᠤᠯᠠᠮᠵᠢᠯᠠᠯᠲᠤ ᠰᠣᠶᠣᠯ ᠪᠣᠯᠤᠨ ᠣᠳᠣ ᠦᠶ᠎ᠡ ᠶᠢᠨ ᠵᠢᠭᠤᠯᠴᠢᠯᠠᠯ ᠢ ᠤᠶᠠᠯᠳᠤᠭᠤᠯᠤᠭᠰᠠᠨ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠤᠨ᠎ᠠ᠃ ᠬᠤᠶᠢᠰᠢᠳᠠ ᠳ᠋ᠦᠩ ᠾᠧ ᠲᠣᠭᠤᠷᠢᠭ ᠤᠨ ᠬᠢᠨ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠦᠷᠭᠦᠯᠵᠢᠯᠡᠨ ᠭᠦᠨᠵᠡᠭᠡᠢ ᠠᠭᠤᠳᠠᠯᠤᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠥᠷᠭᠡᠨ ᠤᠯᠠᠨ ᠵᠤᠭᠠᠴᠠᠭᠰᠠᠳ ᠲᠤ ᠨᠡᠩ ᠤᠯᠠᠨ ᠭᠤᠶᠢᠳᠠ ᠰᠠᠶᠢᠬᠠᠨ ᠠᠵᠢᠯᠯᠠᠭ᠎ᠠ ᠶᠢᠨ ᠣᠶᠢᠯᠠᠭᠠᠯᠲᠠ ᠶᠢ ᠠᠪᠴᠢᠷᠠᠵᠤ᠂ ᠭᠠᠵᠠᠷ ᠣᠷᠣᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠪᠠᠨ ᠨᠡᠮᠡᠷᠢᠯᠡᠨ᠎ᠡ
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1