ᠦ᠋ ᠭᠦᠸᠧ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 8 ᠰᠠᠷ᠎ᠠ ᠳᠤ ᠲᠦᠷᠦᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ | ᠲᠡᠦᠬᠡ ᠶᠢᠨ ᠤᠬᠠᠭᠠᠨ ᠤ ᠣᠶᠤᠲᠠᠨ᠂ ᠤᠳᠤ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠢᠨ | ᠲᠤᠰᠢᠶᠠᠯ ᠲᠠᠢ᠃ | ᠠᠵᠢᠯ ᠤᠨ ᠬᠤᠪᠢᠶᠠᠷᠢᠯᠠᠯ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ | ᠬᠠᠷᠢᠭᠤᠴᠠᠵᠤ᠂ ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠳ᠋ ᠤᠨ ᠵᠠᠰᠠᠭ ᠭᠠᠶᠢᠯᠢ ᠲᠠᠲᠠᠪᠤᠷᠢ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠡᠮᠦᠷ | ᠵᠠᠮ ᠤᠨ ᠠᠵᠢᠯ ᠳᠤ ᠦᠢᠯᠡᠴᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠬᠡᠷ︶᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠥᠪᠥᠷ ᠮᠣᠩᠭᠤᠯ ᠤᠨ ᠹᠦ᠋ | ᠰᠢᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ | ᠳᠠᠷᠤᠭ᠎ᠠ ᠶᠢ ᠬᠠᠮᠵᠢᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠠᠷᠢᠯᠴᠠᠬᠤ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ | ᠲᠠᠩᠰᠠ ᠡᠪᠬᠡᠮᠡᠯ ᠤᠨ ᠲᠣᠪᠴᠢᠶ᠎ᠠ᠂ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ | ᠲᠣᠭᠤᠷᠢᠭ ᠤᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠲᠣᠪᠴᠢᠶ᠎ᠠ᠂ ᠲᠣᠭᠤᠷᠢᠭ ᠤᠨ ᠨᠠᠮ ᠤᠨ | ᠬᠤᠷᠢᠶ᠎ᠠ ᠶᠢᠨ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠲᠣᠭᠤᠷᠢᠭ ᠤᠨ ᠨᠠᠮ ᠤᠨ | ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ᠂ ᠲᠣᠭᠤᠷᠢᠭ ᠤᠨ ᠨᠠᠮ ᠤᠨ | ᠬᠤᠷᠢᠶ᠎ᠠ ᠶᠢᠨ ᠨᠠᠮ ᠤᠨ ᠰᠤᠷᠭᠠᠭᠤᠯᠢ᠂ ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠳ᠋ᠦᠩ ᠾᠧ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠭᠠᠯ ᠤᠨᠲᠠᠷᠠᠭᠠᠬᠤ ᠠᠪᠤᠷᠠᠨ | ᠲᠤᠰᠠᠯᠠᠬᠤ ᠰᠠᠯᠪᠤᠷᠢ ᠠᠩᠭᠢ ᠶᠢᠨ ᠳ᠋ᠦᠩ ᠾᠧ ᠶᠡᠭᠡ ᠠᠩᠭᠢ᠂ ᠲᠣᠭᠤᠷᠢᠭ ᠲᠤ ᠰᠠᠭᠤᠭ᠎ᠠ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ᠃ |