ᠰᠢᠯᠦᠬᠡᠢ ᠡᠪᠡᠳᠴᠢᠨ ᠪᠣᠯ ᠰᠢᠯᠦᠬᠡᠢ ᠡᠪᠡᠳᠴᠢᠨ ᠤ ᠸᠢᠷᠦ᠋ᠰ ᠠᠴᠠ ᠡᠭᠦᠰᠦᠭᠰᠡᠨ ᠬᠤᠣᠰ ᠲᠤᠭᠤᠷᠠᠢ ᠲᠠᠢ | ᠠᠮᠢᠲᠠᠨ ᠢᠶᠠᠷ ᠭᠤᠣᠯ ᠪᠣᠯᠭᠠᠭᠰᠠᠨ ᠲᠦᠷᠭᠡᠨ ᠴᠢᠨᠠᠷᠲᠠᠢ᠂ ᠬᠠᠯᠠᠭᠤᠨ ᠴᠢᠨᠠᠷᠲᠠᠢ᠂ ᠳᠡᠭᠡᠳᠦ ᠬᠡᠮᠵᠢᠶᠡᠨ ᠤ | ᠬᠠᠯᠳᠠᠪᠤᠷᠢᠲᠤ ᠴᠢᠨᠠᠷᠲᠠᠢ ᠬᠢᠵᠢᠭ ᠡᠪᠡᠳᠴᠢᠨ ᠪᠣᠯᠣᠨ᠎ᠠ᠂ ᠳᠡᠯᠡᠬᠡᠢ ᠶᠢᠨ ᠠᠮᠢᠲᠠᠨ ᠤ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ︵OIE︶ ᠠᠴᠠ ᠲᠡᠭᠦᠨ ᠢ ᠡᠷᠬᠡᠪᠰᠢ ᠮᠡᠳᠡᠭᠦᠯᠬᠦ ᠴᠢᠬᠤᠯᠠᠲᠠᠢ ᠠᠮᠢᠲᠠᠨ ᠤ ᠬᠠᠯᠳᠠᠪᠤᠷᠢᠲᠤ | ᠡᠪᠡᠳᠴᠢᠨ ᠳᠤ ᠣᠷᠣᠭᠤᠯᠵᠤ᠂ ᠮᠠᠨ ᠤ ᠤᠯᠤᠰ ᠨᠢᠭᠡᠳᠦᠭᠡᠷ ᠲᠥᠷᠥᠯ ᠤᠨ ᠠᠮᠢᠲᠠᠨ ᠤ ᠬᠢᠵᠢᠭ ᠡᠪᠡᠳᠴᠢᠨ ᠢᠶᠠᠷ | ᠲᠣᠭᠲᠠᠭᠠᠪᠠ᠃ | 1. ᠲᠠᠬᠤᠯ ᠡᠪᠡᠳᠴᠢᠨ ᠤ ᠰᠤᠳᠤᠯᠤᠯ | ᠬᠤᠣᠰ ᠲᠤᠭᠤᠷᠠᠢ ᠲᠠᠢ ᠠᠮᠢᠲᠠᠨ᠂ ᠦᠬᠡᠷ ᠤᠨ ᠢᠵᠠᠭᠤᠷ ᠤᠨ ᠠᠮᠢᠲᠠᠨ ︵ᠦᠬᠡᠷ᠂ ᠤᠰᠤᠨ ᠦᠬᠡᠷ᠂ | ᠰᠠᠷᠯᠤᠭ ᠵᠡᠷᠭᠡ︶᠂ ᠬᠤᠨᠢ᠂ ᠢᠮᠠᠭ᠎ᠠ᠂ ᠭᠠᠭ᠋ᠠᠢ ᠵᠢᠴᠢ ᠪᠤᠶ ᠪᠦᠬᠦᠢ ᠬᠡᠪᠢᠬᠦ ᠪᠠ ᠭᠠᠭ᠋ᠠᠢ ᠶᠢᠨ ᠢᠵᠠᠭᠤᠷ ᠤᠨ | ᠠᠮᠢᠲᠠᠨ ᠳᠤ ᠪᠦᠷ ᠠᠮᠠᠷᠬᠠᠨ ᠬᠠᠯᠳᠠᠪᠤᠷᠢᠯᠠᠭᠳᠠᠵᠤ᠂ ᠲᠡᠮᠡᠭᠡᠨ ᠢᠵᠠᠭᠤᠷ ᠤᠨ ᠠᠮᠢᠲᠠᠨ ︵ᠲᠡᠮᠡᠭᠡ᠂ ᠳᠠᠩ ᠪᠥᠬᠦᠲᠦ | ᠲᠡᠮᠡᠭᠡ᠂ ᠠᠮᠧᠷᠢᠺᠠ ᠲᠡᠮᠡᠭᠡ᠂ ᠠᠮᠧᠷᠢᠺᠠ ᠲᠢᠪ ᠤᠨ ᠲᠡᠮᠡᠭᠡᠨ ᠮᠣᠷᠢ︶ ᠳᠤ ᠬᠠᠯᠳᠠᠪᠤᠷᠢᠯᠠᠬᠤ ᠴᠢᠨᠠᠷ ᠨᠢ ᠨᠡᠯᠢᠶᠡᠳ | ᠳᠣᠣᠷ᠎ᠠ ᠪᠠᠶᠢᠳᠠᠭ᠃ ᠬᠠᠯᠳᠠᠪᠤᠷᠢᠯᠠᠯ ᠤᠨ ᠡᠬᠢ ᠰᠤᠷᠪᠤᠯᠵᠢ ᠨᠢ ᠭᠤᠣᠯᠳᠠᠭᠤ ᠨᠢᠭᠤᠭᠳᠠᠮᠠᠯ ᠬᠤᠭᠤᠴᠠᠭᠠᠨ ᠤ | ᠬᠠᠯᠳᠠᠪᠤᠷᠢᠯᠠᠯ ᠵᠢᠴᠢ ᠡᠮᠴᠢᠯᠡᠭᠡᠨ ᠳᠤ ᠡᠪᠡᠳᠴᠢᠯᠡᠬᠦ ᠠᠮᠢᠲᠠᠨ ᠪᠣᠯᠣᠨ᠎ᠠ᠃ ᠬᠠᠯᠳᠠᠪᠤᠷᠢᠯᠠᠭᠰᠠᠨ ᠠᠮᠢᠲᠠᠨ ᠤ | ᠠᠮᠢᠰᠬᠤᠵᠤ ᠭᠠᠷᠭᠠᠭᠰᠠᠨ ᠪᠣᠳᠠᠰ᠂ ᠰᠢᠯᠦᠰᠦ᠂ ᠪᠠᠭᠠᠰᠤ᠂ ᠰᠢᠭᠡᠰᠦ᠂ ᠰᠦ᠂ ᠦᠷ᠎ᠡ ᠶᠢᠨ ᠰᠢᠩᠭᠡᠨ ᠵᠢᠴᠢ ᠮᠢᠬ᠎ᠠ | ᠪᠠ ᠳᠠᠭᠠᠯᠲᠠ ᠪᠦᠲᠦᠭᠡᠭᠳᠡᠬᠦᠨ ᠨᠢ ᠴᠥᠮ ᠸᠢᠷᠦ᠋ᠰ ᠲᠠᠢ ᠪᠠᠶᠢᠵᠤ᠂ ᠡᠷᠡᠭᠦᠯᠵᠢᠯ ᠤᠨ ᠬᠤᠭᠤᠴᠠᠭᠠᠨ ᠳᠤ ᠠᠮᠢᠲᠠᠨ ᠳᠤ | ᠪᠠᠰᠠ ᠸᠢᠷᠦ᠋ᠰ ᠲᠠᠢ ᠪᠠᠶᠢᠳᠠᠭ᠃ ᠠᠮᠠᠷᠬᠠᠨ ᠬᠠᠯᠳᠠᠪᠤᠷᠢᠯᠠᠭᠳᠠᠬᠤ ᠠᠮᠢᠲᠠᠨ ᠠᠮᠢᠰᠬᠤᠯ ᠤᠨ ᠵᠠᠮ᠂ ᠰᠢᠩᠭᠡᠭᠡᠯᠲᠡ ᠶᠢᠨ | ᠵᠠᠮ᠂ ᠦᠷᠡᠵᠢᠯ ᠤᠨ ᠵᠠᠮ ᠪᠠ ᠰᠢᠷᠬ᠎ᠠ ᠪᠠᠷ ᠳᠡᠮᠵᠢᠨ ᠸᠢᠷᠦ᠋ᠰ ᠲᠤ ᠨᠡᠷᠪᠡᠭᠳᠡᠵᠦ᠂ ᠶᠡᠷᠦ ᠳᠡᠭᠡᠨ ᠰᠢᠭᠤᠳ ᠪᠤᠶᠤ | ᠳᠠᠮ ᠢᠶᠠᠷ ᠬᠦᠷᠦᠯᠴᠡᠬᠦ ︵ᠦᠰᠦᠷᠳᠡᠰᠦ ᠵᠡᠷᠭᠡ︶ ᠬᠡᠯᠪᠡᠷᠢ ᠪᠠᠷ ᠲᠠᠷᠬᠠᠳᠠᠭ᠂ ᠡᠰᠡᠬᠦᠯ᠎ᠡ ᠬᠥᠮᠥᠨ ᠪᠤᠶᠤ ᠨᠣᠬᠠᠢ᠂ | ᠢᠯᠠᠭ᠎ᠠ᠂ ᠱᠠᠯᠵᠠ᠂ ᠰᠢᠪᠠᠭᠤ ᠵᠡᠷᠭᠡ ᠠᠮᠢᠲᠠᠨ ᠤ ᠵᠠᠭᠤᠴᠢ᠂ ᠡᠰᠡᠬᠦᠯ᠎ᠡ ᠪᠣᠬᠢᠷᠲᠤᠭᠰᠠᠨ ᠲᠡᠷᠭᠡ ᠬᠥᠰᠬᠡ᠂ ᠪᠠᠭᠠᠵᠢ | ᠬᠡᠷᠡᠭᠰᠡᠯ ᠵᠡᠷᠭᠡ ᠪᠠᠷ ᠳᠡᠮᠵᠢᠨ ᠲᠠᠷᠬᠠᠳᠠᠭ᠃ ᠬᠡᠷᠪᠡ ᠣᠷᠴᠢᠨ ᠲᠣᠭᠤᠷᠢᠨ ᠤ ᠠᠭᠤᠷ ᠠᠮᠢᠰᠬᠤᠯ ᠲᠣᠬᠢᠷᠠᠮᠵᠢᠲᠠᠢ ᠪᠣᠯ | ᠸᠢᠷᠦ᠋ᠰ ᠨᠢ ᠰᠠᠯᠬᠢᠨ ᠤ ᠠᠶ᠎ᠠ ᠪᠠᠷ ᠬᠤᠯᠠ ᠵᠠᠢ ᠳᠤ ᠲᠠᠷᠬᠠᠳᠠᠭ᠃ | 2. ᠰᠡᠷᠭᠡᠶᠢᠯᠡᠨ ᠬᠢᠵᠠᠭᠠᠷᠯᠠᠬᠤ ᠲᠤᠬᠠᠢ | ᠤᠯᠤᠰ ᠠᠴᠠ ᠰᠢᠯᠦᠬᠡᠢ ᠡᠪᠡᠳᠴᠢᠨ ᠳᠤ ᠠᠯᠪᠠᠳᠠᠯᠭ᠎ᠠ ᠪᠠᠷ ᠡᠭᠡᠯᠢᠯᠡᠭᠡ ᠬᠢᠯᠭᠡᠬᠦ ᠶᠢ ᠬᠡᠷᠡᠭᠵᠢᠭᠦᠯᠦᠨ᠎ᠡ᠂ ᠡᠯ᠎ᠡ | ᠱᠠᠲᠤᠨ ᠤ ᠵᠠᠰᠠᠭ ᠤᠨ ᠣᠷᠳᠣᠨ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ | ᠠᠮᠢᠲᠠᠨ ᠤ ᠬᠢᠵᠢᠭ ᠢ ᠤᠷᠢᠳᠴᠢᠯᠠᠨ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠢᠨᠠᠯᠲᠠ | ᠲᠠᠯᠪᠢᠵᠤ ᠵᠢᠯᠣᠭᠤᠳᠬᠤ ᠬᠡᠷᠡᠭᠲᠡᠢ᠃ ᠡᠭᠡᠯᠢᠯᠡᠭᠡ ᠶᠢᠨ ᠨᠢᠭᠲᠠᠴᠠ ᠶᠢ ᠡᠷᠬᠡᠪᠰᠢ 100% ᠳᠤ ᠬᠦᠷᠭᠡᠬᠦ ᠬᠡᠷᠡᠭᠲᠡᠢ᠃ | ᠬᠢᠵᠢᠭ ᠤᠨ ᠰᠡᠵᠢᠭᠯᠡᠯᠲᠡᠢ ᠪᠠᠶᠢᠳᠠᠯ ᠢ ᠰᠢᠢᠳᠪᠦᠷᠢᠯᠡᠬᠦ ᠳᠤ ᠬᠢᠵᠢᠭ ᠤᠨ ᠴᠡᠭ ᠢ ᠲᠤᠰᠠᠭᠠᠷᠯᠠᠬᠤ᠂ ᠬᠢᠨᠠᠨ ᠡᠵᠡᠮᠳᠡᠬᠦ᠂ | ᠭᠡᠷ ᠤᠨ ᠲᠡᠵᠢᠭᠡᠪᠦᠷᠢ᠂ ᠮᠠᠯ ᠤᠨ ᠠᠰᠢᠭ ᠰᠢᠮ᠎ᠡ ᠵᠢᠴᠢ ᠬᠤᠯᠪᠣᠭᠳᠠᠯ ᠪᠦᠬᠦᠢ ᠡᠳ᠋ ᠪᠣᠳᠠᠰ ᠢ ᠰᠢᠯᠵᠢᠭᠦᠯᠬᠦ ᠶᠢ | ᠴᠠᠭᠠᠵᠠᠯᠠᠬᠤ ᠶᠢᠨ ᠬᠠᠮᠲᠤ ᠲᠡᠭᠦᠨ ᠤ ᠳᠣᠲᠣᠷ᠎ᠠ ᠭᠠᠳᠠᠨᠠᠬᠢ ᠣᠷᠴᠢᠨ ᠠᠬᠤᠢ ᠶᠢ ᠴᠢᠩᠭ᠎ᠠ ᠠᠷᠢᠭᠤᠳᠬᠠᠬᠤ ᠠᠷᠭ᠎ᠠ | ᠬᠡᠮᠵᠢᠶ᠎ᠡ ᠠᠪᠴᠤ᠂ ᠴᠢᠬᠤᠯᠠᠲᠠᠢ ᠦᠶ᠎ᠡ ᠳᠤ ᠪᠢᠲᠡᠭᠦᠮᠵᠢᠯᠡᠬᠦ᠂ ᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠬᠢᠵᠢᠭ ᠤᠨ ᠪᠠᠶᠢᠳᠠᠯ ᠢ ᠣᠨᠣᠰᠢᠯᠠᠭᠰᠠᠨ ᠤ ᠲᠠᠷᠠᠭ᠎ᠠ ᠵᠣᠬᠢᠴᠠᠩᠭᠤᠢ ᠲᠡᠰ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠲᠡᠷᠡ ᠳᠠᠷᠤᠢ ᠳᠤᠨᠢ ᠡᠬᠢᠯᠡᠭᠦᠯᠵᠦ᠂ ᠬᠢᠵᠢᠭ ᠤᠨ ᠴᠡᠭ᠂ ᠬᠢᠵᠢᠭᠲᠦ ᠣᠷᠣᠨ᠂ | ᠰᠦᠷᠳᠡᠭᠦᠯᠦᠯ ᠳᠤ ᠤᠴᠠᠷᠠᠭᠰᠠᠨ ᠣᠷᠣᠨ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠣᠰᠣᠭᠠᠷ ᠶᠡᠷᠦᠩᠬᠡᠶᠢᠯᠡᠨ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ |