3 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠤᠢᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ | ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠦᠬᠦ ᠣᠷᠣᠨ ᠢᠶᠠᠷ ᠢᠶᠠᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ | ᠢᠳᠡᠪᠬᠢᠲᠡᠢ ᠪᠠᠷ ᠵᠣᠯᠭᠠᠭᠤᠯᠵᠤ ᠲᠡᠮᠡᠴᠡᠨ ᠣᠯᠵᠤ᠂ ᠳ᠋ᠦᠩ ᠾᠧ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ | ᠴᠢᠩᠭ᠎ᠠ ᠠᠳᠬᠤᠨ ᠲᠦᠷᠭᠡᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠠᠵᠤ | ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ | ᠨᠢᠮᠪᠠᠢ ᠨᠠᠶᠢᠳᠠᠪᠤᠷᠢᠵᠢᠭᠤᠯᠵᠤ᠂ ︽ᠭᠤᠷᠪᠠ ᠳᠤ ᠬᠤᠶᠠᠷ ᠢ ᠡᠷᠢᠬᠦ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠬᠤ ᠬᠡᠷᠡᠭᠲᠡᠢ᠃ | ᠬᠤᠷᠠᠯ ᠠᠴᠠ ᠮᠠᠨ ᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ 2025 ᠣᠨ ᠤ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ ᠡᠯ᠎ᠡ ᠰᠠᠯᠠᠭ᠎ᠠ ᠮᠥᠴᠢᠷ᠂ | ᠨᠢᠭᠡᠴᠡ ᠶᠢᠨ ᠲᠠᠪᠤᠨ ᠶᠡᠭᠡ ᠡᠭᠦᠷᠭᠡ ᠶᠢ ᠠᠬᠢᠭᠤᠯᠬᠤ ᠶᠢ ᠪᠦᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠲᠠᠢ ᠤᠶᠠᠯᠳᠤᠭᠤᠯᠵᠤ᠂ ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠲᠦᠷᠦᠯ ᠵᠦᠢᠯᠵᠢᠬᠦᠯᠦᠨ | ᠠᠬᠢᠭᠤᠯᠬᠤ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠢᠭᠡᠳᠦᠯᠲᠡᠢ | ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠲᠤᠭᠤᠷᠢᠭ ᠤᠨ ᠠᠵᠤ ᠠᠬᠤᠶ ᠶᠢᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠠᠵᠤ ᠠᠬᠤᠶᠢᠯᠠᠯ ᠳᠤ ᠦᠢᠯᠡᠴᠢᠯᠡᠬᠦ | ᠵᠡᠷᠭᠡ ᠠᠵᠢᠯ ᠤᠨ ᠲᠣᠭᠲᠠᠴᠠ ᠶᠢ ᠨᠠᠷᠢᠨ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ | ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠶᠢᠨ ᠠᠵᠢᠯᠯᠠᠭᠠᠨ ᠤ | ᠪᠠᠶᠢᠩᠭᠤ ᠶᠢᠨ ᠲᠣᠬᠢᠷᠠᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠭᠤᠷᠪᠠ ᠳᠤ ᠬᠤᠶᠠᠷ ᠢ ᠡᠷᠢᠬᠦ︾ | ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠬᠦᠴᠦᠨ ᠵᠦᠢᠯ ᠤᠨ ᠪᠠᠲᠤᠯᠠᠭ᠎ᠠ᠂ ᠭᠠᠷᠳᠠᠮ ᠢ ᠭᠦᠢᠴᠡᠳᠬᠡᠬᠦ ᠵᠡᠷᠭᠡ | ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠦᠢᠯᠡᠴᠢᠯᠡᠭᠡ ᠶᠢ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠨᠠᠩ ᠣᠯᠠᠨ ᠰᠢᠨ᠎ᠡ | ᠨᠡᠮᠡᠭᠳᠡᠯ ᠤᠨ ᠬᠡᠮᠵᠢᠶ᠎ᠡ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠳᠦᠷ | ᠲᠤᠲᠤᠮ ᠤᠨ ᠲᠣᠬᠢᠷᠠᠭᠤᠯᠤᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠱᠠᠯᠠᠪᠳᠠᠭᠤᠯᠤᠨ | ᠪᠠᠶᠢᠴᠠᠭᠠᠵᠤ ᠳᠠᠭᠠᠬᠤ ᠶᠢ ᠴᠢᠩᠭᠠᠳᠬᠠᠵᠤ᠂ 12345 ᠬᠠᠯᠠᠮᠰᠢᠯ ᠤᠲᠠᠰᠤ ᠪᠠᠷ ᠲᠤᠰᠬᠠᠭᠰᠠᠨ ᠠᠰᠠᠭᠤᠳᠠᠯ ᠢ | ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠤ | ᠬᠦᠴᠢᠷ ᠵᠣᠪᠠᠭᠤᠷᠢ ᠶᠢ ᠴᠠᠭ ᠲᠤᠬᠠᠶ ᠳᠤᠨᠢ ᠰᠢᠢᠳᠪᠦᠷᠢᠯᠡᠵᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ ︽ᠦᠯᠦ | ᠵᠠᠭᠠᠯᠳᠤᠪᠠᠯ ᠤᠷᠢᠳ ᠢᠶᠠᠷ ᠰᠢᠢᠳᠪᠦᠷᠢᠯᠡᠬᠦ︾ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠤᠯᠠᠨ ᠡᠰᠢᠴᠢᠯᠡᠨ ᠣᠷᠣᠯᠴᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |