3 ᠰᠠᠷ᠎ᠠ ᠶᠢᠨ 13 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠶ ᠵᠢᠶ ᠸᠧᠨ ᠪᠦᠯᠬᠦᠮ ᠳᠠᠭᠠᠭᠤᠯᠤᠨ ᠡᠯ᠎ᠡ ᠠᠷᠠᠳᠴᠢᠯᠠᠭᠰᠠᠨ ᠨᠠᠮ | ᠪᠦᠯᠦᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠪᠠᠢ ᠵᠢᠢ ᠸᠧᠨ ᠨᠠᠷ ᠭᠤᠮᠢᠨᠳᠠᠩ ᠤᠨ | ᠬᠤᠪᠢᠰᠬᠠᠯᠲᠤ ᠬᠤᠷᠢᠶ᠎ᠠ᠂ ᠠᠷᠠᠳᠴᠢᠯᠠᠭᠰᠠᠨ ᠬᠤᠯᠪᠣᠭ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂᠂ ᠲᠠᠷᠢᠶᠠᠴᠢᠨ | ᠠᠵᠢᠯᠴᠢᠨ ᠤ ᠠᠷᠠᠳᠴᠢᠯᠠᠭᠰᠠᠨ ᠨᠠᠮ᠂ ︽9 · 3︾ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠳ᠋ᠦᠩ ᠾᠧ | ᠶᠡᠷᠦᠩᠬᠡᠢ ᠡᠭᠦᠷ ᠲᠤ ᠬᠦᠷᠴᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠡᠦᠬᠡ᠂ ᠣᠳᠣᠬᠢ ᠪᠠᠶᠢᠳᠠᠯ ᠵᠢᠴᠢ | ᠣᠳᠣ ᠶᠢᠨ ᠪᠦᠷᠢᠯᠳᠦᠬᠦᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠯ᠎ᠡ ᠠᠷᠠᠳᠴᠢᠯᠠᠭᠰᠠᠨ ᠨᠠᠮ | ᠪᠦᠯᠦᠭ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠧᠤ ᠶᠦᠩ ᠸᠧᠶ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠠᠷᠢᠭᠤᠴᠠᠯᠭᠠᠲᠠᠨ ᠨᠥᠬᠦᠳ ︽ᠲᠦᠷᠦ ᠶᠢᠨ | ᠶᠠᠪᠤᠳᠠᠯ ᠳᠤ ᠣᠷᠣᠯᠴᠠᠬᠤ ᠨᠠᠮ ᠤᠨ ᠡᠭᠦᠷᠭᠡ ᠴᠢᠳᠠᠪᠬᠢ ᠪᠠᠨ ᠭᠦᠢᠴᠡᠳᠬᠡᠵᠦ᠂ ᠵᠥᠪᠯᠡᠬᠦ ᠠᠷᠠᠳᠴᠢᠯᠠᠯ ᠳᠤ | ᠢᠳᠡᠪᠬᠢᠲᠡᠢ ᠣᠷᠣᠯᠴᠠᠬᠤ︾ ᠭᠤᠣᠯ ᠰᠡᠳᠦᠪ ᠤᠨ ᠲᠣᠭᠤᠷᠢᠨ ᠳᠤ ᠡᠯ᠎ᠡ ᠨᠠᠮ ᠪᠦᠯᠦᠭ ᠤᠨ ᠦᠨᠳᠦᠰᠦᠨ ᠪᠠᠶᠢᠳᠠᠯ᠂ | ᠠᠵᠢᠯ ᠥᠷᠨᠢᠭᠦᠯᠦᠭᠰᠡᠨ ᠪᠠᠶᠢᠳᠠᠯ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠭᠰᠡᠨ | ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠲᠤᠰ ᠲᠤᠰ ᠬᠠᠷᠢᠭᠤ | ᠮᠡᠳᠡᠭᠦᠯᠦᠯᠲᠡ ᠬᠢᠵᠦ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃ | ᠪᠠᠢ ᠵᠢᠢ ᠸᠧᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠨᠠᠷᠢᠨ ᠬᠢᠨᠠᠮᠠᠭᠠᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠩᠭᠡᠷᠡᠭᠰᠡᠨ ᠨᠢᠭᠡ ᠵᠢᠯ ᠤᠨ ᠣᠯᠤᠭᠰᠠᠨ | ᠠᠮᠵᠢᠯᠲᠠ ᠶᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠣᠷᠣᠨ ᠤ ᠤᠯᠤᠰ | ᠲᠦᠷᠦ ᠶᠢᠨ ᠵᠥᠪᠯᠡᠯᠭᠡᠨ ᠤ ᠠᠵᠢᠯ ᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ | ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ | ᠥᠷᠨᠢᠯᠲᠡ ᠭᠠᠷᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠤᠯᠠᠮᠵᠢᠯᠠᠨ ᠰᠤᠷᠤᠯᠴᠠᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ | ᠭᠡᠵᠦ ᠬᠡᠯᠡᠪᠡ᠃ ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ ᠳᠠᠪᠠᠭᠤᠯᠢᠭ ᠢᠶᠠᠨ | ᠰᠠᠶᠢᠲᠤᠷ ᠪᠠᠳᠠᠷᠠᠭᠤᠯᠵᠤ᠂ ᠣᠷᠣᠨ ᠤ ᠨᠠᠮ ᠤᠨ ᠬᠤᠷᠢᠶ᠎ᠠ ᠶᠢᠨ ᠥᠷᠨᠢᠭᠦᠯᠦᠭᠰᠡᠨ ︽ᠰᠡᠳᠬᠢᠬᠦᠢ ᠲᠠᠢ ᠪᠠᠶᠢᠬᠤ᠂ | ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ | ᠲᠤᠰᠬᠠᠢ ᠰᠡᠳᠦᠪᠲᠦ ᠠᠵᠢᠯᠯᠠᠭ᠎ᠠ ᠶᠢ ᠰᠤᠷᠤᠯᠴᠠᠨ ᠲᠣᠯᠢᠯᠠᠵᠤ᠂ ᠳ᠋ᠦᠩ ᠾᠧ ᠲᠣᠭᠤᠷᠢᠭ ᠤᠨ ︽ᠭᠤᠷᠪᠠᠨ ᠶᠡᠭᠡ | ᠥᠨᠳᠦᠷᠯᠢᠭ︾ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠳᠡᠮᠵᠢᠵᠦ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠣᠳᠣ | ᠮᠡᠷᠭᠡᠨ ᠦᠭᠡ ᠬᠡᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠪᠠᠨ ᠡᠷᠭᠦᠬᠦ ᠬᠡᠷᠡᠭᠲᠡᠢ ᠭᠡᠵᠡᠢ᠃ ᠡᠯ᠎ᠡ | ᠠᠷᠠᠳᠴᠢᠯᠠᠭᠰᠠᠨ ᠨᠠᠮ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠳᠤᠮᠳᠠ ᠪᠠᠨ ᠰᠢᠨ᠎ᠡ ᠶᠢ | ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠥᠷᠨᠢᠭᠦᠯᠵᠦ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ | ᠵᠠᠩᠭᠢ ᠶᠢ ᠴᠢᠷᠮᠠᠶᠢᠨ ᠪᠢᠴᠢᠭᠯᠡᠵᠦ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ | ᠬᠡᠷᠡᠭᠵᠢᠭᠦᠯᠬᠦ ᠳᠤ ᠯᠠᠪᠯᠠᠯᠲᠠ ᠬᠠᠩᠭᠠᠬᠤ ᠬᠡᠷᠡᠭᠲᠡᠢ᠃ ᠨᠢᠭᠡᠳᠦᠮᠡᠯ ᠹᠷᠣᠨᠲ᠂ ᠤᠯᠠᠨ ᠨᠠᠮ ᠬᠠᠮᠲᠤᠷᠠᠨ ᠠᠵᠢᠯᠯᠠᠬᠤ᠂ | ᠤᠯᠤᠰ ᠲᠦᠷᠦ ᠶᠢᠨ ᠵᠥᠪᠯᠡᠯᠭᠡ ᠬᠢᠬᠦ ᠥᠪᠡᠷᠮᠢᠴᠡ ᠳᠠᠪᠠᠭᠤᠯᠢᠭ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠠᠰᠤᠷᠠᠯᠲᠠ ᠦᠭᠡᠢ ᠡᠷᠢᠯᠬᠢᠯᠡᠵᠦ᠂ ᠬᠠᠮᠤᠭ ᠤᠨ ᠶᠡᠭᠡ | ᠢᠵᠢᠯ ᠲᠥᠪᠲᠦ ᠲᠣᠭᠤᠷᠢᠭ ᠢ ᠵᠢᠷᠤᠵᠤ᠂ ︽ᠳ᠋ᠦᠩ ᠾᠧ ᠭᠤᠣᠯ ᠤᠨ ᠰᠦᠷ ᠬᠦᠴᠦᠨ ᠢ ᠳᠠᠬᠢᠨ ᠪᠠᠳᠠᠷᠠᠭᠤᠯᠵᠤ᠂ | ᠥᠩᠭᠡᠷᠡᠭᠰᠡᠨ ᠤ ᠬᠦᠭᠵᠢᠯ ᠪᠠᠳᠠᠷᠠᠯ ᠢ ᠲᠠᠬᠢᠨ ᠢᠯᠡᠷᠡᠭᠦᠯᠬᠦ︾ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠣᠭᠤᠷᠢᠭ ᠤᠨ ᠤᠳᠤᠷᠢᠳᠤᠯᠭ᠎ᠠ ᠴᠠᠩ ᠴᠢᠤᠸᠠᠨ ᠸᠧᠢ᠂ ᠴᠧᠨ ᠸᠧᠨ ᠯᠢ᠂ ᠯᠢᠶᠠᠩ ᠵᠢᠩ ᠵᠧᠨ᠂ ᠰᠦ᠋ ᠬᠠᠢ | ᠸᠧᠨ ᠵᠢᠴᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ᠂ ᠡᠯ᠎ᠡ ᠲᠤᠰᠬᠠᠢ ᠵᠥᠪᠯᠡᠯ᠂ | ᠪᠠᠶᠢᠭᠤᠯᠭ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ |