ᠬᠦᠨᠳᠦᠲᠦ ᠬᠤᠲᠠ ᠶᠢᠨ ᠠᠷᠠᠳ ᠨᠠᠶᠢᠵᠠ ᠨᠠᠷ ᠡ᠄ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠣᠶᠢᠯᠠᠭᠠᠯᠲᠠ ᠶᠢ ᠬᠦᠷᠲᠡᠭᠡᠬᠦ ᠶᠢᠨ ᠲᠥᠯᠥᠭᠡ᠂ ᠡᠳᠦᠭᠡ ᠳ᠋ᠦᠩ ᠾᠧ ᠲᠣᠭᠤᠷᠢᠭ ᠤᠨ ᠤᠷᠤᠭ ᠤᠨ ᠲᠠᠩᠰᠠ | ᠡᠪᠬᠡᠮᠡᠯ ᠢ ᠰᠢᠯᠵᠢᠭᠦᠯᠦᠨ ᠠᠪᠬᠤ ᠵᠢᠴᠢ ᠦᠨᠡᠮᠯᠡᠯ ᠨᠥᠬᠦᠪᠦᠷᠢᠯᠡᠬᠦ ᠭᠠᠷᠳᠠᠮ ᠢ ᠭᠦᠢᠴᠡᠳᠭᠡᠬᠦ ᠬᠠᠮᠢᠶ᠎ᠠ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠤᠷᠤᠭ ᠤᠨ ᠳᠠᠩᠰᠠ ᠡᠪᠬᠡᠮᠡᠯ ᠢ ᠰᠢᠯᠵᠢᠭᠦᠯᠦᠨ ᠠᠪᠬᠤ | ᠲᠣᠰ ᠡᠳᠦᠷ ᠠᠴᠠ ᠡᠬᠢᠯᠡᠨ᠂ ᠳ᠋ᠦᠩ ᠾᠧ ᠲᠣᠭᠤᠷᠢᠭ ᠤᠨ ᠤᠷᠤᠭ ᠤᠨ ᠲᠠᠩᠰᠠ ᠡᠪᠬᠡᠮᠡᠯ ᠢ ᠰᠢᠯᠵᠢᠭᠦᠯᠦᠨ | ᠠᠪᠬᠤ ᠭᠠᠷ ᠭᠦᠢᠴᠡᠳᠬᠡᠯ ᠢ ᠬᠢᠵᠦ ᠤᠷᠤᠭ ᠤᠨ ᠭᠡᠷᠡᠴᠢ ᠦᠨᠡᠮᠯᠡᠯ ᠢ ᠨᠥᠬᠦᠵᠦ ᠭᠦᠢᠴᠡᠳᠬᠡᠬᠦ ᠳᠤ ᠬᠡᠷᠡᠭᠯᠡᠬᠦ | ᠬᠤᠲᠠ ᠶᠢᠨ ᠠᠷᠠᠳ ᠨᠠᠶᠢᠵᠠ ᠨᠠᠷ ᠳᠣᠤᠷᠠᠬᠢ ᠬᠤᠶᠠᠷ ᠭᠠᠵᠠᠷ ᠢ ᠰᠣᠩᠭᠤᠨ ᠤᠷᠤᠭ ᠤᠨ ᠲᠠᠩᠰᠠ ᠡᠪᠬᠡᠮᠡᠯ ᠢ | ᠰᠢᠯᠵᠢᠭᠦᠯᠦᠨ ᠠᠪᠴᠤ ᠪᠣᠯᠤᠨ᠎ᠠ᠄ | 1. ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠤᠷᠤᠭ | ᠳᠠᠩᠰᠠᠯᠠᠬᠤ ᠭᠠᠵᠠᠷ ︵ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠴᠣᠩᠬᠤ︶ | ︵1975 ᠣᠨ ᠠᠴᠠ ᠣᠳᠣ ᠪᠣᠯᠳᠠᠯᠠᠬᠢ ᠤᠷᠤᠭ ᠤᠨ ᠳᠠᠩᠰᠠ ᠡᠪᠬᠡᠮᠡᠯ︶ | 2. ᠳ᠋ᠦᠩ ᠾᠧ ᠲᠣᠭᠤᠷᠢᠭ ᠤᠨ ᠳᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ | ︵1975 ᠣᠨ - 2022 ᠣᠨ ᠤ ᠤᠷᠤᠭ ᠤᠨ ᠳᠠᠩᠰᠠ ᠡᠪᠬᠡᠮᠡᠯ︶ | ᠬᠤᠲᠠ ᠶᠢᠨ ᠠᠷᠠᠳ ᠨᠠᠶᠢᠵᠠ ᠨᠠᠷ ᠪᠡᠶ᠎ᠡ ᠶᠢᠨ ᠦᠨᠡᠮᠯᠡᠯ ᠢᠶᠠᠨ ᠰᠠᠶᠢᠲᠤᠷ ᠠᠪᠴᠤ᠂ ᠲᠣᠰ ᠪᠡᠶ᠎ᠡ ᠶᠢᠨ | ᠬᠡᠷᠡᠭᠴᠡᠭᠡ ᠪᠠᠨ ᠦᠨᠳᠦᠰᠦᠯᠡᠨ᠂ ᠣᠶᠢᠷ᠎ᠠ ᠬᠠᠪᠢ ᠳᠠᠭᠠᠨ ᠰᠢᠯᠵᠢᠭᠦᠯᠦᠨ ᠠᠪᠴᠤ᠂ ᠭᠦᠶᠦᠬᠦ ᠤᠳᠠᠭ᠎ᠠ ᠪᠠᠨ | ᠪᠠᠭᠠᠰᠬᠠᠨ᠂ ᠠᠵᠢᠯᠯᠠᠬᠤ ᠴᠠᠭ ᠢ ᠠᠷᠪᠢᠯᠠᠭᠠᠷᠠᠢ᠃ | ᠦᠨᠡᠮᠯᠡᠯ ᠨᠦᠬᠦᠪᠦᠷᠢᠯᠡᠬᠦ ᠭᠠᠷᠳᠠᠮ ᠢ ᠭᠦᠢᠴᠡᠳᠭᠡᠬᠦ | ᠤᠷᠤᠭ ᠤᠨ ᠦᠨᠡᠮᠯᠡᠯ ᠢ ᠨᠥᠬᠦᠵᠦ ᠭᠦᠢᠴᠡᠳᠬᠡᠬᠦ ᠴᠢᠬᠤᠯᠠᠲᠠᠢ ᠬᠤᠲᠠ ᠶᠢᠨ ᠠᠷᠠᠳ ᠪᠡᠶ᠎ᠡ ᠶᠢᠨ ᠦᠨᠡᠮᠯᠡᠯ | ᠵᠢᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠤᠨ ᠤᠷᠤᠭ ᠤᠨ ᠪᠦᠷᠢᠳᠬᠡᠯ ᠤᠨ ᠭᠠᠵᠠᠷ ︵ᠠᠷᠠᠳ ᠤᠨ ᠶᠠᠪᠤᠳᠠᠯ ᠤᠨ | ᠶᠡᠷᠦᠩᠬᠡᠶᠢᠯᠡᠭᠰᠡᠨ ᠴᠣᠩᠬᠤ︶ ᠳᠤ ᠬᠦᠷᠴᠦ ᠦᠨᠡᠮᠯᠡᠯ ᠨᠥᠬᠦᠵᠦ ᠭᠦᠢᠴᠡᠳᠬᠡᠬᠦ ᠭᠠᠷ ᠭᠦᠢᠴᠡᠳᠬᠡᠯ ᠬᠢᠨ᠎ᠡ᠃ | ᠬᠠᠯᠠᠭᠤᠨ ᠳᠣᠲᠣᠨᠣ ᠰᠠᠨᠠᠭᠤᠯᠤᠮᠵᠢ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠡᠭᠡᠨ ᠬᠡᠷᠡᠭᠰᠡᠬᠦ ᠮᠠᠲ᠋ᠧᠷᠢᠶᠠᠯ ᠢ ᠤᠷᠢᠳᠴᠢᠯᠠᠨ ᠪᠠᠶᠢᠴᠠᠭᠠᠵᠤ᠂ | ᠮᠠᠲ᠋ᠧᠷᠢᠶᠠᠯ ᠨᠢ ᠪᠦᠷᠢᠨ ᠪᠤᠰᠤ ᠠᠴᠠ ᠪᠣᠯᠵᠣ ᠭᠦᠢᠴᠡᠳᠬᠡᠬᠦ ᠠᠬᠢᠴᠠ ᠶᠢ ᠨᠥᠯᠦᠭᠡᠯᠡᠬᠦ ᠠᠴᠠ ᠬᠢᠴᠢᠶᠡᠭᠡᠷᠡᠢ᠃ ᠮᠠᠳᠠᠭ | ᠲᠠᠢ ᠪᠣᠯ ᠦᠢᠯᠡᠴᠢᠯᠡᠭᠡᠨ ᠤ ᠤᠲᠠᠰᠤ ᠶᠢ ᠤᠲᠠᠰᠤᠳᠠᠵᠤ ᠪᠣᠯᠤᠨ᠎ᠠ ︵0472 - 2626412᠂ 0472 - | 4388968︶ ᠠᠰᠠᠭᠤᠨ ᠯᠠᠪᠯᠠᠵᠤ ᠪᠣᠯᠤᠨ᠎ᠠ᠃ | ᠲᠠᠨ ᠤ ᠣᠶᠢᠯᠠᠭᠠᠵᠤ ᠳᠡᠮᠵᠢᠭᠰᠡᠨ ᠳᠤ ᠲᠠᠯᠠᠷᠬᠠᠵᠤ ᠪᠠᠶᠢᠨ᠎ᠠ︕ ᠪᠢᠳᠡ ᠦᠷᠭᠦᠯᠵᠢᠯᠡᠨ ᠴᠢᠷᠮᠠᠶᠢᠵᠤ᠂ | ᠲᠠᠨ ᠳᠤ ᠨᠡᠩ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ | ᠣᠨᠴᠠᠭᠠᠶᠢᠯᠠᠨ ᠵᠠᠷᠯᠠᠨ ᠨᠡᠶᠢᠲᠡᠯᠡᠪᠡ᠃ | ᠳ᠋ᠦᠩ ᠾᠧ ᠲᠣᠭᠤᠷᠢᠭ ᠤᠨ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠭᠠᠵᠠᠷ | 2025 ᠣᠨ ᠤ 3 ᠰᠠᠷ᠎ᠠ ᠶᠢᠨ 13 ᠤ ᠡᠳᠦᠷ |