ᠴᠢᠬᠤᠯᠠ ᠮᠡᠳᠡᠭᠳᠡᠯ︕ ᠴᠢᠬᠤᠯᠠ ᠮᠡᠳᠡᠭᠳᠡᠯ︕ | 2025 ᠣᠨ ᠤ 4 ᠰᠠᠷ᠎ᠠ ᠶᠢᠨ 1 ᠤ ᠡᠳᠦᠷ ᠠᠴᠠ ᠡᠬᠢᠯᠡᠨ ᠪᠤᠭᠤᠲᠤ ᠬᠤᠲᠠ ᠶᠢᠨ ᠨᠡᠢᠭᠡᠮ ᠤᠨ | ᠳᠠᠭᠠᠳᠬᠠᠯ ᠤᠨ ᠣᠯᠭᠤᠮᠵᠢ ᠶᠢᠨ ᠬᠢᠷᠢ ᠭᠡᠮ ᠭᠡᠷᠡᠴᠢᠯᠡᠬᠦ ᠦᠶᠡᠯᠡᠯ ᠤᠨ ᠬᠤᠭᠤᠴᠠᠭ᠎ᠠ ᠨᠢ ᠤᠤᠯ ᠤᠨ 12 | ᠰᠠᠷ᠎ᠠ ᠠᠴᠠ 6 ᠰᠠᠷ᠎ᠠ ᠪᠣᠯᠭᠠᠨ ᠲᠣᠬᠢᠷᠠᠭᠤᠯᠪᠠ | ᠲᠠ ᠰᠢᠨ᠎ᠡ ᠡᠭᠡᠯᠵᠢᠲᠦ ᠬᠤᠭᠤᠴᠠᠭ᠎ᠠ ᠪᠠᠨ ᠵᠢᠷᠤᠮᠯᠠᠵᠤ ᠬᠢᠷᠢ ᠭᠡᠮ ᠢ ᠴᠠᠭ ᠲᠤᠬᠠᠢ ᠳᠤᠨᠢ ᠪᠡᠶᠡᠯᠡᠭᠦᠯᠵᠦ᠂ | ᠣᠯᠭᠤᠮᠵᠢ ᠠᠪᠬᠤ ᠶᠢ ᠨᠥᠯᠥᠭᠡᠯᠡᠬᠦ ᠠᠴᠠ ᠵᠠᠶᠢᠯᠠᠭᠠᠷᠠᠢ᠃ | ᠳᠤᠬᠢᠷᠠᠭᠤᠯᠬᠤ ᠬᠡᠪᠴᠢᠶ᠎ᠡ | ᠠᠵᠤ ᠠᠬᠤᠶᠢᠯᠠᠯ ︵ᠠᠮᠢᠳᠤᠯᠢᠭ ᠢᠶᠠᠷ ᠠᠵᠢᠯ ᠣᠯᠭᠤᠬᠤ ᠶᠢ ᠪᠠᠭᠲᠠᠭᠠᠨ᠎ᠠ︶ ᠠᠵᠢᠯ ᠠᠴᠠ ᠪᠠᠨ ᠠᠮᠠᠷᠠᠭᠰᠠᠨ | ᠬᠥᠮᠦᠰ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠨ ᠬᠥᠮᠦᠰ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠠᠪᠬᠤ | ᠬᠥᠮᠦᠰ᠂ ᠠᠵᠢᠯ ᠠᠴᠠ ᠪᠣᠯᠵᠤ ᠭᠡᠮᠲᠦᠭᠰᠡᠨ ᠵᠡᠮᠳᠡᠭ ᠤᠨ ᠨᠥᠬᠦᠪᠦᠷᠢ ᠵᠢᠴᠢ ᠰᠤᠪᠢᠯᠠᠯᠲᠠ ᠶᠢᠨ ᠵᠠᠷᠤᠳᠠᠯ ᠠᠪᠴᠤ | ᠪᠠᠶᠢᠭ᠎ᠠ ᠬᠥᠮᠦᠰ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠪᠤᠶᠤ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠡᠷ ᠪᠦᠯᠢ ᠶᠢᠨ ᠣᠯᠭᠤᠮᠵᠢ ᠶᠢᠨ ᠨᠠᠰᠤ ᠨᠢ ᠪᠦᠬᠦᠯᠢ 18 | ᠨᠠᠰᠤ ᠬᠦᠷᠦᠭᠡᠳᠦᠢ ᠬᠥᠮᠦᠰ ᠪᠤᠯᠤᠨ᠎ᠠ᠃ | ᠭᠡᠷᠡᠴᠢᠯᠡᠯ ᠤᠨ ᠦᠶᠡᠯᠡᠯ | ᠣᠯᠭᠤᠮᠵᠢ ᠠᠪᠤᠭᠴᠢ ᠨᠢ ᠭᠡᠷᠡᠴᠢᠯᠡᠭᠡ ᠶᠢᠨ ᠦᠶᠡᠯᠡᠯ ᠤᠨ ᠬᠤᠭᠤᠴᠠᠭ᠎ᠠ ᠨᠢ ᠲᠤᠯᠬᠤ ᠠᠴᠠ ᠡᠮᠦᠨ᠎ᠡ ᠳᠠᠷᠠᠭ᠎ᠠ | ᠤᠳᠠᠭᠠᠨ ᠤ ᠭᠡᠷᠡᠴᠢᠯᠡᠭᠡ ᠶᠢ ᠪᠡᠶᠡᠯᠡᠭᠦᠯᠤᠨ᠎ᠠ᠂ ᠲᠤᠬᠠᠶᠢᠯᠠᠪᠠᠯ ᠳᠠᠷᠠᠭ᠎ᠠ ᠤᠳᠠᠭᠠᠨ ᠤ ᠭᠡᠷᠡᠴᠢᠯᠡᠬᠦ ᠴᠠᠭ | ᠬᠤᠭᠤᠴᠠᠭ᠎ᠠ ᠨᠢ ᠳᠡᠭᠡᠷ᠎ᠡ ᠤᠳᠠᠭᠠᠨ ᠤ ᠭᠡᠷᠡᠴᠢᠯᠡᠬᠦ ᠴᠠᠭ ᠬᠤᠭᠤᠴᠠᠭ᠎ᠠ ᠠᠴᠠ 6 ᠰᠠᠷ᠎ᠠ ᠬᠡᠲᠦᠷᠡᠵᠦ ᠪᠣᠯᠬᠤ ᠦᠭᠡᠢ᠂ | 6 ᠰᠠᠷ᠎ᠠ ᠬᠡᠲᠦᠷᠡᠭᠰᠡᠨ ᠪᠠᠶᠢᠲᠠᠯ᠎ᠠ ᠭᠡᠷᠡᠴᠢᠯᠡᠭᠳᠡᠭᠰᠡᠨ ᠦᠭᠡᠢ ᠪᠣᠯ᠂ ᠨᠡᠶᠢᠭᠡᠮ ᠤᠨ ᠳᠠᠭᠠᠳᠬᠠᠯ ᠤᠨ ᠭᠠᠷᠲᠠᠨ | ᠭᠦᠢᠴᠡᠳᠬᠡᠬᠦ ᠰᠢᠰᠲ᠋ᠧᠮ ᠨᠢ ᠨᠡᠶᠢᠭᠡᠮ ᠤᠨ ᠳᠠᠭᠠᠳᠬᠠᠯ ᠤᠨ ᠣᠯᠭᠤᠮᠵᠢ ᠣᠯᠭᠤᠬᠤ ᠶᠢ ᠠᠶᠠᠨᠳᠠᠭᠠᠨ ᠲᠦᠷ | ᠵᠣᠭᠰᠣᠭᠠᠵᠤ᠂ ᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠰᠠᠷ᠎ᠠ ᠠᠴᠠ ᠣᠯᠭᠤᠮᠵᠢ ᠶᠢ ᠰᠡᠷᠭᠦᠭᠡᠬᠦ ᠶᠢᠨ ᠬᠠᠮᠲᠤ | ᠨᠥᠬᠦᠵᠦ ᠥᠭᠭᠦᠨ᠎ᠡ᠃ ᠵᠢᠱᠢᠶᠡᠯᠡᠪᠡᠯ᠄ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠬᠦᠷᠲᠡᠭᠴᠢ ᠶᠢᠨ ᠳᠡᠭᠡᠷ᠎ᠡ | ᠤᠳᠠᠭᠠᠨ ᠤ ᠭᠡᠷᠡᠴᠢᠯᠡᠯ ᠠᠪᠬᠤ ᠴᠠᠭ ᠨᠢ 2025 ᠣᠨ ᠤ 1 ᠰᠠᠷ᠎ᠠ ᠶᠢᠨ 10 ᠤ ᠡᠳᠦᠷ ᠪᠠᠶᠢᠪᠠᠯ᠂ 2025 | ᠣᠨ ᠤ 7 ᠰᠠᠷ᠎ᠠ ᠶᠢᠨ 9 ᠤ ᠡᠳᠦᠷ ᠠᠴᠠ ᠡᠮᠦᠨ᠎ᠡ ᠭᠡᠷᠡᠴᠢᠯᠡᠯ ᠳᠠᠭᠤᠰᠬᠠᠨ᠎ᠠ᠃ | ᠪᠦᠬᠦᠯᠢ 18 ᠨᠠᠰᠤ ᠵᠢᠴᠢ ᠲᠡᠭᠦᠨ ᠠᠴᠠ ᠳᠡᠭᠡᠭᠰᠢᠬᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠡᠷ | ᠪᠦᠯᠢ ᠶᠢᠨ ᠬᠢᠨ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠷ ᠪᠦᠯᠢ ᠶᠢᠨ ᠬᠠᠷᠠᠭᠠᠯᠵᠠᠯ ᠠᠪᠴᠤ | ᠪᠠᠶᠢᠭ᠎ᠠ ᠬᠥᠮᠦᠰ ᠮᠥᠨ ᠬᠦ ᠤᠤᠯ ᠤᠨ ᠲᠣᠭᠲᠠᠭᠠᠯ ᠶᠣᠰᠣᠭᠠᠷ ᠰᠠᠷ᠎ᠠ ᠪᠦᠷᠢ ᠨᠢᠭᠡ ᠤᠳᠠᠭ᠎ᠠ ᠭᠡᠷᠡᠴᠢᠯᠡᠵᠦ᠂ ᠰᠠᠷ᠎ᠠ | ᠪᠦᠷᠢ ᠶᠢᠨ 10 ᠤ ᠡᠳᠦᠷ ᠠᠴᠠ ᠡᠮᠦᠨ᠎ᠡ ᠭᠡᠷᠡᠴᠢᠯᠡᠯ ᠬᠢᠬᠦ ᠬᠡᠷᠡᠭᠲᠡᠶ᠃ | ᠭᠡᠷᠡᠴᠢᠯᠡᠯ ᠤᠨ ᠠᠷᠭ᠎ᠠ ᠵᠠᠮ | ︵ᠨᠢᠭᠡ︶ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ | ᠶᠢᠨ APP ᠶᠢᠨ ᠭᠡᠷᠡᠴᠢᠯᠡᠯ᠄ ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠪᠤᠶᠤ ᠳᠣᠤᠷᠠᠬᠢ ᠬᠤᠶᠠᠷ ᠬᠡᠮᠵᠢᠯᠳᠦ | ᠺᠣᠳ᠋ ᠢ ᠰᠢᠷᠪᠢᠵᠦ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ | ᠶᠢᠨ ᠭᠠᠷ ᠤᠲᠠᠰᠤᠨ ᠤ APP ᠶᠢ ᠤᠭᠰᠠᠷᠠᠵᠤ᠂ ︽ᠲᠡᠷᠢᠭᠦᠨ ᠨᠢᠭᠤᠷ︾ ᠤᠨ ︽ᠬᠢᠷᠢ ᠬᠡᠮ ᠤᠨ ᠭᠡᠷᠡᠴᠢᠯᠡᠯ︾ | ᠳᠤ ᠤᠷᠤᠵᠤ ᠰᠠᠨᠠᠭᠤᠯᠤᠮᠵᠢ ᠶᠢᠨ ᠵᠢᠯᠣᠭᠤᠳᠣᠯᠭ᠎ᠠ ᠪᠠᠷ ᠭᠡᠷᠡᠴᠢᠯᠡᠭᠡ ᠶᠢ ᠪᠡᠶᠡᠯᠡᠭᠦᠯᠦᠨ᠎ᠡ ︵ᠠᠩᠬᠠᠷ᠄ ︽ᠪᠣᠳᠠᠲᠤ | ᠬᠥᠮᠥᠨ ᠭᠡᠷᠡᠴᠢᠯᠡᠬᠦ︾ ᠪᠢᠰᠢ︶᠃ ᠭᠡᠷᠡᠴᠢᠯᠡᠭᠰᠡᠨ ᠤ ᠳᠠᠷᠠᠭ᠎ᠠ ︽ᠦᠢᠯᠡᠴᠢᠯᠡᠭᠡ︾ ᠶᠢᠨ ᠬᠠᠭᠤᠳᠠᠰᠣᠨ ᠳᠡᠭᠡᠷ᠎ᠡ ︽ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ︾ ᠤᠨ ᠬᠡᠰᠡᠭ ᠤᠨ ᠳᠣᠣᠷ᠎ᠠ ︽ᠭᠡᠷᠡᠴᠢᠯᠡᠯ ᠤᠨ ᠲᠡᠮᠳᠡᠭᠯᠡᠯ ᠢ ᠪᠠᠶᠢᠴᠠᠭᠠᠨ | ᠯᠠᠪᠯᠠᠬᠤ︾ ᠶᠢ ᠳᠠᠷᠤᠵᠤ᠂ ᠤᠳᠠᠭ᠎ᠠ ᠪᠦᠷᠢ ᠶᠢᠨ ᠭᠡᠷᠡᠴᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠵᠤ ᠪᠣᠯᠤᠨ᠎ᠠ᠃ | ᠲᠤᠰ ᠠᠷᠭ᠎ᠠ ᠲᠤᠰ ᠬᠦᠮᠦᠨ ᠪᠤᠶᠤ ᠪᠤᠰᠤᠳ ᠭᠦᠮᠦᠨ ᠢᠶᠠᠷ ᠭᠡᠷᠡᠴᠢᠯᠡᠭᠦᠯᠵᠦ ᠪᠣᠯᠤᠨ᠎ᠠ᠃ | | | | | | | ︵ᠬᠤᠶᠠᠷ︶ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ | ︾ ᠤᠨ ᠸᠢᠴᠠᠲ ᠤᠨ ᠭᠡᠷᠡᠴᠢᠯᠡᠯ᠄ ᠸᠢᠴᠠᠲ ᠢᠶᠠᠷ ᠳᠠᠮᠵᠢᠭᠤᠯᠤᠨ ᠳᠣᠤᠷᠠᠬᠢ ᠬᠤᠶᠠᠷ ᠬᠡᠮᠵᠢᠯᠳᠦ ᠺᠣᠳ᠋ ᠢ ᠡᠷᠢᠬᠦ ᠪᠤᠶᠤ | ᠰᠢᠷᠪᠢᠬᠦ ᠪᠠᠷ ᠳᠠᠮᠵᠢᠭᠤᠯᠤᠨ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ | ᠲᠥᠪ︾ ᠤᠨ ᠨᠡᠶᠢᠲᠡ ᠶᠢᠨ ᠳ᠋ᠤᠭᠠᠷ ᠢ ᠠᠩᠬᠠᠷᠴᠤ᠂ ︽ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ︾ ᠶᠢᠨ | ᠵᠠᠭᠪᠤᠷ ᠳᠣᠣᠷ᠎ᠠ ︽ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢ ᠳᠠᠷᠤᠵᠤ᠂ ᠰᠠᠨᠠᠭᠤᠯᠤᠮᠵᠢ ᠶᠣᠰᠣᠭᠠᠷ | ᠭᠡᠷᠡᠴᠢᠯᠡᠯ ᠤᠨ ᠠᠵᠢᠯᠯᠠᠭ᠎ᠠ ᠶᠢ ᠪᠡᠶᠡᠯᠡᠭᠦᠯᠦᠨ᠎ᠡ᠃ ᠭᠡᠷᠡᠴᠢᠯᠡᠭᠰᠡᠨ ᠤ ᠳᠠᠷᠠᠭ᠎ᠠ ︽ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡ︾ ᠶᠢᠨ ᠵᠠᠭᠪᠤᠷ ᠳᠣᠣᠷ᠎ᠠ ︽ᠬᠠᠷᠠᠭᠠᠯᠵᠠᠯ ᠤᠨ ᠭᠡᠷᠡᠴᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠬᠤ︾ | ᠶᠢ ᠳᠠᠷᠤᠵᠤ ᠪᠣᠯᠤᠨ᠎ᠠ᠂ ᠤᠳᠠᠭ᠎ᠠ ᠪᠦᠷᠢ ᠶᠢᠨ ᠭᠡᠷᠡᠴᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠵᠤ ᠪᠣᠯᠤᠨ᠎ᠠ᠃ | ᠲᠤᠰ ᠠᠷᠭ᠎ᠠ ᠲᠤᠰ ᠬᠦᠮᠦᠨ ᠪᠤᠶᠤ ᠪᠤᠰᠤᠳ ᠬᠦᠮᠦᠨ ᠢᠶᠠᠷ ᠭᠡᠷᠡᠴᠢᠯᠡᠭᠦᠯᠵᠦ ᠪᠣᠯᠤᠨ᠎ᠠ᠃ | | ︵ᠭᠤᠷᠪᠠ︶ ᡁᠢ ᠹᠦ᠋ ᠪᠣᠣ ᠶᠢᠨ ᠭᠡᠷᠡᠴᠢᠯᠡᠯ᠄ ᡁᠢ ᠹᠦ᠋ ᠪᠣᠣ ᠨᠢ ︽ᠥᠪᠥᠷ ᠮᠣᠩᠭᠤᠯ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠵᠢᠵᠢᠭ ᠫᠷᠤᠭ᠍ᠷᠠᠮ ᠢ ᠡᠷᠢᠬᠦ ᠶᠢᠨ ᠬᠠᠮᠲᠤ ᠳᠠᠷᠤᠵᠤ | ᠤᠷᠤᠵᠤ᠂ ︽ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯ︾ ᠢ ᠰᠣᠩᠭᠤᠨ᠂ | ᠭᠡᠷᠡᠴᠢᠯᠡᠭᠴᠢ ᠶᠢᠨ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠭᠠᠷ ᠤᠲᠠᠰᠤᠨ ᠤ ᠨᠣᠮᠧᠷ ᠢ ᠣᠷᠣᠭᠤᠯᠤᠨ | ᠭᠡᠷᠡᠴᠢᠯᠡᠵᠦ᠂ ᠨᠢᠭᠤᠷᠲᠠᠨ ᠢᠯᠭᠠᠨ ᠲᠠᠨᠢᠵᠤ᠂ ᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ ᠭᠡᠷᠡᠴᠢᠯᠡᠯᠲᠡ ᠶᠢᠨ | ᠦᠷ᠎ᠡ ᠳ᠋ᠦᠩ ᠳᠡᠭᠡᠨ ᠪᠣᠴᠠᠵᠤ᠂ ᠭᠡᠷᠡᠴᠢᠯᠡᠯᠲᠡ ᠶᠢ ᠠᠮᠵᠢᠯᠲᠠ ᠣᠯᠬᠤ ᠶᠢ ᠰᠠᠨᠠᠭᠤᠯᠪᠠ᠃ | | | | | ︵ᠲᠦᠷᠪᠡ︶ ᠬᠢᠯᠢ ᠶᠢᠨ ᠭᠠᠳᠠᠨ᠎ᠠ ᠣᠷᠣᠰᠢᠨ ᠰᠠᠭᠤᠭ᠎ᠠ ᠬᠥᠮᠦᠰ ᠤᠨ ᠭᠡᠷᠡᠴᠢᠯᠡᠯ᠄ ᠬᠢᠯᠢ ᠶᠢᠨ ᠭᠠᠳᠠᠨ᠎ᠠ | ᠰᠠᠭᠤᠭ᠎ᠠ ᠬᠥᠮᠦᠰ ᠭᠠᠳᠠᠭᠠᠳᠤ ᠶᠠᠪᠤᠳᠠᠯ ᠤᠨ ᠶᠠᠮᠤᠨ ᠤ ︽ᠳᠤᠮᠳᠠᠳᠤ ᠤᠯᠤᠰ ᠤᠨ ᠺᠤᠨᠰᠦ᠋ᠯ︾ ᠭᠠᠷ ᠤᠲᠠᠰᠤ | APP ᠪᠠᠷ ᠳᠠᠮᠵᠢᠭᠤᠯᠤᠨ ᠥᠪᠡᠰᠦᠪᠡᠨ ᠥᠢᠯᠡᠴᠢᠯᠡᠵᠦ ᠭᠡᠷᠡᠴᠢᠯᠡᠭᠡ ᠬᠢᠵᠦ ᠪᠣᠯᠤᠨ᠎ᠠ᠃ | ︵ᠲᠠᠪᠤ︶ ᠰᠦᠯᠵᠢᠶᠡᠨ ᠠᠴᠠ ᠭᠠᠳᠠᠭᠤᠷᠬᠢ ᠭᠡᠷᠡᠴᠢᠯᠡᠯᠲᠡ᠄ ᠲᠣᠰ ᠬᠥᠮᠦᠨ ᠨᠢ ᠪᠡᠶ᠎ᠡ ᠶᠢᠨ ᠦᠨᠡᠮᠯᠡᠯ ᠢᠶᠠᠨ | ᠠᠪᠴᠤ ᠣᠯᠭᠤᠮᠵᠢ ᠠᠪᠤᠭᠰᠠᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ | ᠲᠤᠬᠠᠶ ᠶᠢᠨ ᠲᠠᠯᠠᠪᠤᠷ ᠲᠤ ᠬᠦᠷᠴᠦ ᠭᠡᠷᠡᠴᠢᠯᠡᠨ᠎ᠡ᠃ ᠪᠡᠶ᠎ᠡ ᠮᠠᠬᠠᠪᠤᠳ ᠤᠨ ᠰᠢᠯᠲᠠᠭᠠᠨ ᠠᠴᠠ ︵ᠲᠠᠮᠪᠠᠷᠠᠭᠰᠠᠨ᠂ | ᠬᠦᠨᠳᠦ ᠡᠪᠡᠳᠴᠢᠨ ᠠᠴᠠ ᠪᠣᠯᠵᠤ ᠬᠡᠪᠲᠡᠬᠦ᠂ ᠬᠠᠷᠠᠭ᠎ᠠ ᠠᠯᠳᠠᠬᠤ ᠵᠢᠴᠢ ᠮᠡᠳᠡᠷᠡᠯ ᠤᠨ ᠲᠦᠷᠦᠯ ᠤᠨ ᠡᠪᠡᠳᠴᠢᠨ | ᠡᠮᠭᠡᠭ︶ ᠭᠠᠷ ᠤᠲᠠᠰᠤ ᠪᠠᠷ ᠭᠡᠷᠡᠴᠢᠯᠡᠬᠦ ᠶᠢᠨ ᠠᠷᠭ᠎ᠠ ᠦᠭᠡᠢ ᠨᠡᠶᠢᠭᠡᠮ ᠤᠨ ᠳᠠᠭᠠᠳᠬᠠᠯ ᠤᠨ ᠣᠯᠭᠤᠮᠵᠢ | ᠠᠪᠤᠭᠴᠢ ᠨᠢ ᠭᠡᠷ ᠪᠦᠯᠢ ᠠᠴᠠ ︽ᠨᠡᠶᠢᠭᠡᠮ ᠤᠨ ᠳᠠᠭᠠᠳᠬᠠᠯ ᠢ ᠭᠠᠷᠳᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ | ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠪᠢᠴᠢᠭ︾ ᠢ ᠲᠠᠭᠯᠠᠵᠤ᠂ ᠣᠯᠭᠤᠮᠵᠢ ᠠᠪᠬᠤ ᠨᠡᠶᠢᠭᠡᠮ ᠤᠨ | ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠬᠦᠷᠭᠡᠵᠦ ᠭᠡᠷᠡᠴᠢᠯᠡᠭᠦᠯᠵᠦ ᠪᠣᠯᠣᠨ᠎ᠠ᠃ | | ᠬᠢᠨᠠᠯᠲᠠ ᠲᠠᠯᠪᠢᠨ ᠯᠠᠪᠯᠠᠬᠤ ᠤᠲᠠᠰᠤ | ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 0472 - 6169612 | ᠴᠢᠩ ᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 0472 - 3616556 | ᠬᠦᠨᠳᠡᠯᠡᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 0472 - 5990224 | ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 0472 - 6168862 | ᠳ᠋ᠦᠩ ᠾᠧ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 0472 - 6180031 | ᠬᠤᠪᠤᠷ ᠰᠢᠷᠤᠢ ᠳᠡᠭᠡᠲᠦ ᠰᠢᠨ᠎ᠡ ᠮᠡᠷᠭᠡᠵᠢᠯ ᠤᠨ ᠠᠵᠦ ᠥᠢᠯᠡᠰ ᠤᠨ ᠨᠡᠭᠡᠭᠡᠯᠲᠡ ᠶᠢᠨ ᠣᠷᠣᠨ ᠤ ᠨᠠᠮ ᠪᠠ | ᠣᠯᠠᠨ ᠲᠦᠮᠡᠨ ᠤ ᠠᠵᠢᠯ ᠤᠨ ᠬᠡᠯᠲᠡᠰ 0472 -5112236 | ᠲᠦᠮᠡᠳ ᠪᠠᠷᠠᠭᠤᠨ ᠬᠤᠰᠢᠭᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ 0472 - 8880256 | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ 0472 - 8422136 | ᠬᠦᠶᠠᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 0472-6860093᠂ 0472-6112333 | ᠰᠢᠭᠤᠶᠢᠲᠤ ᠲᠤᠭᠤᠷᠢᠭ ᠤᠨ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | 0472-2730830 | ᠪᠠᠶ᠋ᠬᠠᠤᠪᠤᠭ᠎ᠠ ᠠᠭᠤᠷᠬᠠᠶ ᠶᠢᠨ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ 0472- 8510053 | |