ᠵᠠᠩ ᠯᠢ ᠵᠢᠶᠦ᠋ᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/19
   3 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃    ᠵᠠᠩ ᠯᠢ ᠵᠢᠶᠦ᠋ᠨ ᠤᠷᠢᠳ ᠬᠤᠵᠢᠳ ᠭᠦ᠋ ᠨᠠᠢ ᠠᠨ ᠪᠣᠭᠤᠳᠠᠯᠯᠠᠬᠤ᠂ ᠪᠢᠴᠢᠯ ᠡᠸ᠋ᠨᠪᠸᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠵᠦᠩ ᠴᠧᠨ ᠠᠴᠠ ᠭᠠᠩ ᠬᠦᠷᠲᠡᠯ᠎ᠡ᠂ ᠷᠦᠢ ᠶᠢᠨ ᠰᠢᠨ᠎ᠡ ᠮᠠᠲ᠋ᠧᠷᠢᠶᠠᠯ᠂ ᠶᠢᠨ ᠳ᠋ᠦᠸᠧ ᠯᠠᠢ ᠤᠲᠠᠰᠤ ᠲᠠᠲᠠᠯᠭ᠎ᠠ᠂ ᠵᠦᠩ ᠲᠢᠶᠠᠨ ᠴᠠᠬᠢᠯᠭᠠᠨ ᠲᠠᠲᠠᠯᠭ᠎ᠠ᠂ ᠬᠤᠸᠠ ᠶᠤᠸᠠᠨ ᠲᠢᠶᠠᠨ ᠯᠦ᠂ ᠪᠥᠸᠧ ᠫᠦ᠋ ᠣᠷᠴᠢᠯ᠂ ᠯᠤᠸᠠᠨ ᠰᠢᠨ ᠪᠠᠷᠠᠭᠠᠨ ᠤ ᠭᠦᠢᠯᠭᠡᠭᠡ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠲᠦᠭᠵᠢᠷᠡᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠵᠠᠩ ᠯᠢ ᠵᠢᠶᠦ᠋ᠨ᠂ ᠬᠦᠷᠢᠶᠡᠯᠡᠩ ᠲᠣᠭᠤᠷᠢᠭ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠴᠢᠬᠤᠯᠠ ᠶᠡᠭᠡ ᠲᠦᠷᠦᠯ ᠵᠦᠢᠯ ᠤᠨ ᠦᠢᠯᠡᠴᠢᠯᠡᠭᠡᠨ ᠤ ᠳᠠᠭᠠᠭᠠᠴᠢᠯᠠᠨ ᠬᠤᠯᠪᠣᠭᠠᠯᠠᠬᠤ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯᠧᠮᠧᠨ᠋ᠲ ᠤᠨ ᠪᠠᠲᠤᠯᠠᠭ᠎ᠠ᠂ ᠭᠠᠷᠳᠠᠮ ᠭᠦᠢᠴᠡᠳᠬᠡᠬᠦ ᠵᠡᠷᠭᠡ ᠡᠯ᠎ᠡ ᠭᠤᠭᠴᠤᠭ᠎ᠠ ᠶᠢᠨ ᠲᠣᠭᠤᠷᠢᠨ ᠳᠤ ᠪᠦᠬᠦ ᠠᠮᠢ ᠨᠠᠰᠤᠨ ᠤ ᠦᠶᠡᠯᠡᠯ ᠤᠨ ᠦᠢᠯᠡᠴᠢᠯᠡᠭᠡ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠷᠢᠳᠴᠢᠯᠠᠨ ᠦᠢᠯᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠤᠷᠤᠭᠰᠢᠯᠠᠵᠤ᠂ ᠤᠷᠤᠭᠰᠢᠯᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠨᠳᠥᠷ ᠣᠭᠲᠠᠷᠭᠤᠢ ᠠᠴᠠ ᠤᠨᠠᠬᠤ᠂ ᠪᠣᠳᠠᠰ ᠲᠤ ᠴᠣᠬᠢᠯᠲᠠ ᠥᠭᠬᠦ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃    ᠲᠣᠭᠤᠷᠢᠭ ᠤᠨ ᠤᠳᠤᠷᠢᠳᠤᠯᠭ᠎ᠠ ᠯᠢ ᠰᠦᠸᠧ᠂ ᠦ᠋ ᠭᠦᠸᠧ ᠳ᠋ᠦᠩ᠂ ᠱᠢ ᠶᠠᠨ᠂ ᠰᠦᠨ ᠰᠢ ᠯᠢᠨ ᠵᠢᠴᠢ ᠬᠥᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1