3 ᠰᠠᠷ᠎ᠠ ᠶᠢᠨ 19 ᠤ ᠡᠳᠦᠷ᠂ ᠳ᠋ᠦᠩ ᠾᠧ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠣᠣ ᠬᠦᠶ ᠹᠠᠩ | ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠬᠤᠩ ᠶᠠᠨ ᠲᠣᠰ ᠡᠭᠡᠯᠵᠢ ᠶᠢᠨ ᠴᠠᠭᠳᠠᠨ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ | ᠲᠣᠭᠲᠠᠭᠠᠯ ᠢ ᠨᠡᠶᠢᠲᠡᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ | ᠪᠠᠶᠢᠭᠤᠯᠤᠮᠵᠢ ᠶᠢᠨ ᠪᠦᠬᠦ ᠺᠠᠳ᠋ᠷ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ | ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ | ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠾᠧ | ᠳ᠋ᠦᠩ ᠪᠠᠯᠭᠠᠰᠤ ᠪᠣᠯᠤᠨ ᠰᠠᠷᠠᠴᠢᠨ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠬᠤᠷᠠᠯ ᠳᠤ | ᠣᠷᠣᠯᠴᠠᠪᠠ᠃ | ᠬᠤᠷᠠᠯ ᠠᠴᠠ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠨᠢᠭᠡ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠨᠥᠯᠥᠭᠡᠯᠡᠨ ᠬᠢᠵᠠᠭᠠᠷᠯᠠᠵᠤ | ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠡᠷᠢᠵᠦ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠤᠨ | ᠪᠦᠷᠢᠯᠳᠦᠬᠦᠨ ᠤ ᠠᠰᠠᠭᠤᠳᠠᠯ ᠢ ᠡᠷᠢᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠡᠷᠢᠵᠦ᠂ ᠨᠡᠶᠢᠲᠡᠯᠢᠭ ᠴᠢᠨᠠᠷᠲᠠᠢ ᠠᠰᠠᠭᠤᠳᠠᠯ᠂ ᠲᠤᠪᠤᠶᠢᠮ᠎ᠠ | ᠠᠰᠠᠭᠤᠳᠠᠯ ᠢ ᠰᠢᠢᠳᠪᠦᠷᠢᠯᠡᠬᠦ ᠶᠢ ᠲᠦᠷᠢᠮ ᠢ ᠲᠡᠭᠦᠯᠳᠡᠷᠵᠢᠭᠦᠯᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ | ᠤᠶᠠᠯᠳᠤᠭᠤᠯᠵᠤ᠂ ᠦᠨᠳᠦᠰᠦ ᠰᠤᠷᠪᠤᠯᠵᠢ ᠶᠢ ᠨᠢ ᠣᠨᠣᠪᠴᠢᠲᠠᠢ ᠡᠷᠢᠵᠦ᠂ ᠥᠭᠡᠷᠡᠴᠢᠯᠡᠯᠲᠡ ᠶᠢ ᠬᠦᠴᠦᠲᠡᠢ | ᠠᠬᠢᠭᠤᠯᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠰᠢᠰᠲ᠋ᠧᠮᠲᠦ | ᠰᠡᠳᠬᠢᠬᠦᠢ ᠶᠢ ᠪᠤᠢ ᠪᠣᠯᠭᠠᠵᠤ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠡ ᠨᠦᠭᠦᠳ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠪᠦᠬᠦ ᠲᠠᠯ᠎ᠠ ᠪᠠᠷ ᠳᠡᠮᠵᠢᠵᠦ᠂ ᠨᠢᠭᠲᠠ ᠬᠠᠮᠵᠢᠯᠴᠠᠵᠤ᠂ ︽ᠠᠮᠤ | ᠪᠤᠳᠠᠭ᠎ᠠ ᠡᠪᠡᠰᠦ ᠰᠤᠮᠤ ᠲᠠᠷᠢ︾ ᠪᠣᠯᠤᠨ ᠲᠤᠰᠬᠠᠢ ᠮᠡᠷᠭᠡᠵᠢᠯ ᠤᠨ ᠳᠡᠮᠵᠢᠯᠭᠡ ᠶᠢ ᠴᠢᠨᠠᠷ ᠰᠠᠶᠢᠲᠠᠢ ᠬᠠᠩᠭᠠᠵᠤ᠂ | ᠵᠠᠬᠢᠳᠠᠯ ᠢᠶᠠᠷ ᠠᠰᠠᠭᠤᠬᠤ ᠮᠠᠲ᠋ᠧᠷᠢᠶᠠᠯ ᠢ ᠨᠠᠷᠢᠨ ᠬᠢᠨᠠᠮᠠᠭᠠᠢ ᠬᠠᠩᠭᠠᠵᠤ᠂ ︽ᠰᠠᠬᠢᠯᠭ᠎ᠠ ᠪᠠᠲᠤ ᠶᠢᠨ ᠲᠣᠭᠤᠷᠢᠨ | ᠪᠠᠶᠢᠴᠠᠭᠠᠬᠤ︾ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠲᠣᠭᠤᠷᠢᠨ ᠪᠠᠶᠢᠴᠠᠭᠠᠬᠤ | ᠭᠤᠷᠪᠠᠨ ᠲᠠᠯ᠎ᠠ ᠶᠢᠨ ᠬᠢᠨᠠᠯᠲᠠ ᠲᠠᠯᠪᠢᠬᠤ ᠡᠬᠢ ᠪᠠᠶᠠᠯᠢᠭ᠂ ᠬᠦᠴᠦᠨ ᠴᠢᠳᠠᠯ ᠪᠣᠯᠤᠨ ᠠᠷᠭ᠎ᠠ ᠪᠠᠷᠢᠯ ᠢ ᠪᠦᠲᠦᠮᠵᠢᠲᠡᠢ | ᠠᠭᠤᠰᠤᠯᠴᠠᠭᠤᠯᠵᠤ᠂ ᠪᠠᠶᠢᠳᠠᠯ ᠢᠶᠠᠨ ᠭᠦᠢᠴᠡᠳ ᠨᠡᠪᠲᠡᠷᠡᠯᠴᠡᠵᠦ᠂ ᠠᠬᠢᠴᠠ ᠪᠠᠨ ᠮᠡᠳᠡᠭᠳᠡᠵᠦ᠂ ᠵᠡᠷᠭᠡᠪᠡᠷ | ᠤᠷᠤᠭᠰᠢᠯᠠᠵᠤ᠂ ᠵᠡᠷᠭᠡᠪᠡᠷ ᠬᠦᠴᠦᠯᠡᠬᠦ ᠶᠢ ᠪᠡᠶᠡᠯᠡᠭᠦᠯᠬᠦ ᠬᠡᠷᠡᠭᠲᠡᠢ᠃ ᠴᠠᠭᠠᠷᠠᠭᠰᠠᠨ ᠰᠤᠷᠲᠠᠯ ᠢᠶᠠᠨ ᠦᠷᠭᠦᠯᠵᠢᠯᠡᠨ | ᠳᠠᠪᠲᠠᠨ ᠪᠣᠯᠪᠠᠰᠤᠷᠠᠭᠤᠯᠵᠤ᠂ ᠲᠣᠭᠤᠷᠢᠨ ᠪᠠᠶᠢᠴᠠᠭᠠᠬᠤ ᠠᠯᠪᠠᠨ ᠭᠡᠷ ︽ᠲᠣᠮᠣ ᠬᠠᠮᠢᠶᠠᠷᠤᠭᠴᠢ︾ ᠪᠣᠯᠵᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠢᠭᠠᠨ ᠵᠢᠯᠣᠭᠤᠳᠬᠤ᠂ ᠦᠢᠯᠡᠴᠢᠯᠡᠬᠦ ᠪᠠᠲᠤᠯᠠᠭ᠎ᠠ ᠶᠢᠨ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ︽ | ᠲᠦᠷᠦᠭᠦᠴᠢ ᠭᠠᠯᠠᠭᠤ︾ ᠶᠢᠨ ᠦᠢᠯᠡᠳᠦᠯ ᠢᠶᠠᠨ ᠪᠠᠳᠠᠷᠠᠭᠤᠯᠵᠤ᠂ ᠪᠦᠬᠦ ᠳᠤᠭᠤᠶᠢᠯᠠᠩ ᠤᠨ ᠠᠵᠢᠯ ᠢᠶᠠᠨ ᠰᠠᠶᠢᠲᠤᠷ | ᠲᠥᠯᠥᠪᠵᠢᠭᠦᠯᠵᠦ᠂ ᠠᠵᠢᠯᠳᠠᠨ ᠤ ᠬᠦᠴᠦᠨ ᠢ ᠰᠠᠶᠢᠲᠤᠷ ᠪᠠᠶᠢᠷᠢᠯᠠᠭᠤᠯᠵᠤ᠂ ᠠᠵᠢᠯ ᠤᠨ ᠠᠶᠢᠵᠠᠮ ᠢᠶᠠᠨ ᠰᠠᠶᠢᠲᠤᠷ | ᠡᠵᠡᠮᠳᠡᠵᠦ᠂ ᠪᠠᠶᠢᠴᠠᠭᠠᠵᠤ ᠪᠣᠯᠬᠤᠶᠢᠴᠠ ᠴᠢᠨᠠᠷ ᠢᠶᠠᠷ ᠴᠢᠩᠭ᠎ᠠ᠂ ᠤᠯᠠᠨ ᠲᠦᠮᠡᠨ ᠤ ᠲᠤᠰᠬᠠᠯ ᠲᠥᠪᠯᠡᠷᠡᠭᠰᠡᠨ | ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠶᠢᠨ ᠳᠠᠭᠠᠤ ᠪᠠᠶᠢᠴᠠᠭᠠᠵᠤ᠂ ᠴᠠᠭ ᠲᠤᠬᠠᠢ ᠳᠤᠨᠢ ᠰᠦᠷ | ᠦᠵᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠬᠤ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ︽ᠳᠤᠷᠠᠳᠤᠯᠭ᠎ᠠ ᠭᠠᠷᠭᠠᠵᠤ︾ ᠲᠤᠰᠬᠠᠶ ᠰᠡᠳᠦᠪᠲᠦ ᠠᠵᠢᠯᠯᠠᠭ᠎ᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠠᠷᠴᠢᠮ ᠢ ᠪᠠᠷᠢᠮᠲᠠᠯᠠᠨ᠂ ᠵᠣᠷᠢᠭᠲᠠᠶ ᠪᠠᠷ ᠴᠢᠳᠠᠮᠠᠭᠠᠶ ᠪᠠᠷ ᠲᠡᠮᠡᠴᠡᠵᠦ᠂ | ᠡᠯ᠎ᠡ ᠵᠦᠢᠯ ᠤᠨ ᠴᠠᠭᠳᠠᠨ ᠪᠠᠶᠢᠴᠠᠭᠠᠬᠤ ᠠᠵᠢᠯ ᠤᠨ ᠡᠭᠦᠷᠭᠡ ᠶᠢ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠶ᠃ | ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ | ᠶᠣᠰᠣᠭᠠᠷ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠨᠡᠶᠢᠲᠡ 4 ᠲᠣᠭᠤᠷᠢᠨ ᠪᠠᠶᠢᠴᠠᠭᠠᠬᠤ | ᠳᠤᠭᠤᠶᠢᠯᠠᠩ ᠲᠣᠮᠢᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠹᠦ᠋ ᠰᠢᠩ ᠬᠤᠪᠢ ᠡᠵᠡᠮᠳᠡᠭᠰᠡᠨ | ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ 10 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ | ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠰᠠᠷᠠᠴᠢᠨ ᠪᠠᠯᠭᠠᠰᠤᠨ ᠤ ᠭᠦᠩ ᠵᠢᠢ ᠪᠠᠨ ᠲᠣᠰᠬᠤᠨ᠂ | ᠾᠧ ᠳ᠋ᠦᠩ ᠪᠠᠯᠭᠠᠰᠤᠨ ᠤ ᠦᠮᠡᠬᠡᠢ ᠤᠰᠤᠨ ᠬᠤᠳᠳᠤᠭ ᠲᠣᠰᠬᠤᠨ ᠤ 2 ᠲᠣᠰᠬᠤᠨ ᠤ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠪᠡ᠃ | ᠴᠠᠭᠳᠠᠨ ᠪᠠᠶᠢᠴᠠᠭᠠᠬᠤ ᠴᠠᠭ ᠨᠢ 3 ᠰᠠᠷ᠎ᠠ ᠣᠷᠴᠢᠮ ᠪᠠᠶᠢᠳᠠᠭ᠃ | |