ᠳ᠋ᠦ᠋ᠩ ᠾᠧ ᠲᠣᠭᠤᠷᠢᠭ ᠤᠨ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠤ ᠨᠡᠶᠢᠭᠡᠮ ᠲᠣᠭᠤᠷᠢᠭ ᠤᠨ ᠰᠢᠶᠣᠣ ᠵᠢᠶᠠ ᠬᠠᠤᠯᠢ ᠲᠦᠭᠡᠮᠡᠯᠵᠢᠭᠦᠯᠬᠦ ᠪᠢᠴᠢᠯ ᠬᠢᠴᠢᠶᠡᠯ ᠤᠨ ᠲᠠᠩᠬᠢᠮ ᠬᠢᠴᠢᠶᠡᠯ ᠡᠬᠢᠯᠡᠪᠡ︕
ᠨᠡᠶᠢᠲᠡᠯᠡᠭᠰᠡᠨ ᠴᠠᠭ᠄
2025/3/21
     ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠬᠠᠷᠢᠶᠠᠲᠤ ᠣᠷᠣᠨ ᠤ ᠠᠵᠤ ᠠᠬᠤᠶᠢᠯᠠᠯ ᠪᠣᠯᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ︽ᠵᠢᠵᠢᠭ ᠬᠤᠳᠠᠯᠳᠤᠭᠠᠴᠢᠨ ᠤ ᠬᠠᠤᠯᠢ ᠲᠦᠭᠡᠮᠡᠯᠵᠢᠭᠦᠯᠬᠦ ᠪᠢᠴᠢᠯ ᠬᠢᠴᠢᠶᠡᠯ ᠤᠨ ᠲᠠᠩᠬᠢᠮ︾ ᠳᠤ ᠲᠦᠰᠢᠭᠯᠡᠨ᠂ ︽ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠶ᠎ᠡ - ᠭᠡᠷ᠎ᠡ ᠶᠢᠨ ᠵᠢᠭᠤᠷᠠᠯᠳᠤᠭᠠᠨ ᠪᠣᠯᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠰᠠᠭᠤᠳᠠᠯ︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠮᠠᠰᠢ ᠤᠯᠠᠨ ᠰᠦᠯᠵᠢᠶᠡᠨ ᠳᠡᠭᠡᠷᠡᠬᠢ ᠰᠠᠭᠤᠭᠠᠯᠢ ᠠᠷᠠᠳ ᠣᠷᠣᠯᠴᠠᠪᠠ᠃
     ᠨᠡᠶᠢᠭᠡᠮ ᠲᠣᠭᠤᠷᠢᠭ ᠤᠨ ᠬᠢᠨ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠼᠠᠢ ᠱᠧᠨ ᠮᠢᠶᠣᠣ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠮᠠ ᠬᠦᠢ ᠯᠠᠨ ᠢ ᠤᠷᠢᠵᠤ ᠬᠦᠨᠳᠦᠲᠦ ᠵᠣᠴᠢᠨ ᠪᠣᠯᠭᠠᠵᠤ᠂ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠶᠢᠨ ᠳᠤᠮᠳᠠ ᠪᠠᠶᠢᠩᠭᠤ ᠲᠣᠬᠢᠶᠠᠯᠳᠤᠳᠠᠭ ᠭᠡᠷ᠎ᠡ ᠶᠢᠨ ᠵᠢᠭᠤᠷᠠᠯᠳᠤᠭᠠᠨ ᠪᠣᠯᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠰᠠᠭᠤᠳᠠᠯ ᠤᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃ ᠭᠡᠷ᠎ᠡ ᠶᠢᠨ ᠵᠠᠭᠤᠷᠠᠯᠳᠤᠭᠠᠨ ᠤ ᠲᠠᠯ᠎ᠠ ᠪᠠᠷ᠂ ᠮᠠ ᠰᠠᠯᠪᠤᠷᠢ ᠶᠢᠨ ᠳᠠᠷᠤᠭ᠎ᠠ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠵᠤ᠂ ᠭᠡᠷ᠎ᠡ ᠲᠣᠭᠲᠠᠬᠤ᠂ ᠬᠦᠴᠦᠨ ᠲᠠᠢ᠂ ᠭᠦᠢᠴᠡᠳᠬᠡᠬᠦ᠂ ᠬᠤᠪᠢᠷᠠᠭᠤᠯᠬᠤ᠂ ᠰᠢᠯᠵᠢᠭᠦᠯᠬᠦ᠂ ᠳᠠᠭᠤᠰᠬᠠᠬᠤ ᠵᠡᠷᠭᠡ ᠭᠤᠭᠴᠤᠭ᠎ᠠ ᠳᠤ ᠭᠠᠷᠴᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠪᠠ᠃ ᠬᠡᠯᠪᠡᠷᠢᠵᠢᠭᠰᠡᠨ ᠭᠡᠷ᠎ᠡ᠂ ᠡᠵᠡᠷᠬᠡᠬᠦ ᠵᠦᠢᠯ ᠵᠤᠷᠪᠤᠰ᠂ ᠭᠡᠷ᠎ᠡ ᠵᠥᠷᠢᠴᠡᠬᠦ ᠵᠡᠷᠭᠡ ᠬᠠᠯᠠᠭᠤᠨ ᠴᠡᠭ ᠤᠨ ᠠᠰᠠᠭᠤᠳᠠᠯ ᠳᠤ ᠴᠢᠭᠯᠡᠭᠦᠯᠦᠨ᠂ ᠦᠨᠡᠨ ᠪᠣᠳᠠᠲᠠᠶ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠠᠮᠵᠢᠭᠤᠯᠤᠨ᠂ ᠭᠡᠷ᠎ᠡ ᠲᠣᠭᠲᠠᠬᠤ ᠪᠠ ᠭᠡᠷ᠎ᠡ ᠭᠦᠢᠴᠡᠳᠬᠡᠬᠦ ᠶᠠᠪᠤᠴᠠ ᠳᠤ ᠬᠡᠷ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠶᠢ ᠣᠯᠠᠨ ᠳᠤ ᠣᠶᠢᠯᠠᠭᠠᠭᠤᠯᠵᠠᠶ᠃      ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠰᠠᠭᠤᠳᠠᠯ ᠳᠡᠭᠡᠷ᠎ᠡ᠂ ᠮᠠ ᠰᠠᠯᠪᠤᠷᠢ ᠶᠢᠨ ᠳᠠᠷᠤᠭ᠎ᠠ ᠠᠴᠠ ᠲᠠᠸᠠᠷ ᠤᠨ ᠲᠡᠮᠳᠡᠭ᠂ ᠲᠤᠰᠬᠠᠢ ᠠᠰᠢᠭ᠂ ᠵᠣᠬᠢᠶᠠᠯ ᠪᠦᠲᠦᠭᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠡᠪᠴᠢᠶ᠎ᠡ ᠪᠠ ᠡᠷᠬᠡ ᠳᠤ ᠬᠠᠯᠳᠠᠭᠰᠠᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠦᠵᠡᠭᠦᠯᠬᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠬᠤᠯᠠ ᠴᠢᠨᠠᠷ ᠢ ᠴᠢᠬᠤᠯᠠᠴᠢᠯᠠᠪᠠ᠃ ᠨᠡᠷ᠎ᠡ ᠴᠤᠤᠲᠠᠶ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡᠨ ᠳᠤ ᠬᠠᠯᠳᠠᠭᠰᠠᠨ ᠬᠡᠷᠡᠭ ᠤᠨ ᠵᠢᠱᠢᠶ᠎ᠡ ᠶᠢ ᠵᠢᠭᠰᠠᠭᠠᠨ ᠲᠣᠭᠠᠴᠢᠬᠤ ᠪᠠᠷ ᠳᠠᠮᠵᠢᠭᠤᠯᠤᠨ᠂ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠠᠴᠠ ᠪᠣᠯᠤᠭᠰᠠᠨ ᠬᠠᠤᠯᠢ ᠴᠠᠭᠠᠵᠠ ᠶᠢᠨ ᠦᠷ᠎ᠡ ᠳ᠋ᠦᠩ ᠪᠣᠯᠤᠨ ᠠᠵᠤ ᠠᠬᠤᠶ ᠶᠢᠨ ᠬᠤᠬᠢᠷᠠᠯ ᠢ ᠵᠠᠳᠠᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠦᠵᠡᠯ ᠤᠬᠠᠮᠰᠠᠷ ᠢ ᠪᠣᠶ ᠪᠣᠯᠭᠠᠵᠤ᠂ ᠠᠵᠤ ᠠᠬᠤᠶᠢᠯᠠᠯ ᠢ ᠵᠣᠷᠢᠭᠵᠢᠭᠤᠯᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠢᠳᠡᠪᠬᠢᠲᠡᠶ ᠭᠤᠶᠤᠴᠢᠯᠠᠭᠤᠯᠵᠤ᠂ ᠠᠵᠤ ᠠᠬᠤᠶᠢᠯᠠᠯ ᠤᠨ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃      ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠣᠯᠠᠨ ᠲᠦᠮᠡᠨ ᠤ ᠰᠦᠯᠵᠢᠶᠡᠨ ᠳᠡᠭᠡᠷ᠎ᠡ ᠰᠣᠨᠢᠷᠬᠠᠵᠤ᠂ ᠨᠡᠶᠢᠲᠡ ᠦᠵᠡᠭᠰᠡᠨ ᠬᠥᠮᠦᠨ ᠤ ᠲᠤᠭ᠎ᠠ 86 ᠬᠥᠮᠦᠨ ᠤᠳᠠᠭ᠎ᠠ ᠳᠤ ᠬᠦᠷᠴᠦ᠂ ᠰᠢᠭᠤᠳ ᠨᠡᠪᠲᠡᠷᠡᠭᠦᠯᠬᠦ ᠶᠠᠪᠤᠴᠠ ᠳᠤ ᠦᠵᠡᠭᠴᠢᠳ ᠤᠨ ᠦᠯᠡᠳᠡᠭᠡᠭᠰᠡᠨ ᠦᠭᠡ ᠥᠭᠦᠯᠡᠪᠦᠷᠢ ᠶᠢ 3 ᠵᠤᠷᠪᠤᠰ ᠬᠦᠯᠢᠶᠡᠨ ᠠᠪᠴᠤ᠂ ᠮᠠ  ᠰᠠᠯᠪᠤᠷᠢ ᠶᠢᠨ ᠳᠠᠷᠤᠭ᠎ᠠ ᠴᠥᠮ ᠰᠢᠭᠤᠳ ᠨᠡᠪᠲᠡᠷᠡᠭᠦᠯᠭᠡ ᠪᠠᠷ ᠡᠳᠡᠭᠡᠷ ᠦᠯᠡᠳᠡᠭᠡᠭᠰᠡᠨ ᠦᠭᠡ ᠳᠤ ᠨᠠᠷᠢᠨ ᠲᠣᠳᠣᠷᠬᠠᠶ ᠬᠠᠷᠢᠭᠤᠯᠲᠠ ᠥᠭᠪᠡ᠃      ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ︽ᠵᠢᠵᠢᠭ ᠬᠤᠳᠠᠯᠳᠤᠭᠠᠴᠢᠨ ᠤ ᠬᠠᠤᠯᠢ ᠲᠦᠭᠡᠮᠡᠯᠵᠢᠭᠦᠯᠬᠦ ᠪᠢᠴᠢᠯ ᠬᠢᠴᠢᠶᠡᠯ ᠤᠨ ᠲᠠᠩᠬᠢᠮ︾ ᠢᠶᠠᠷ ᠠᠴᠢᠶᠠᠯᠠᠪᠤᠷᠢ ᠪᠣᠯᠭᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶᠠᠲᠤ ᠣᠷᠣᠨ ᠤ ᠤᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1