ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠥᠷᠭᠡᠨ ᠣᠯᠠᠨ | ᠲᠦᠮᠡᠨ ᠤ ᠮᠡᠬᠡᠯᠡᠯ ᠢ ᠰᠡᠷᠭᠡᠶᠢᠯᠡᠬᠦ᠂ ᠮᠡᠬᠡᠯᠡᠯ ᠢ ᠲᠠᠨᠢᠬᠤ᠂ ᠮᠡᠬᠡᠯᠡᠬᠦ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ | ᠂ ᠣᠶᠢᠷ᠎ᠠ ᠳᠤ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ | ᠪᠠᠶᠠᠨᠲᠠᠯ᠎ᠠ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳ᠋ᠦᠩ ᠭᠤᠸᠠᠨ ᠹᠠᠩ ᠨᠡᠶᠢᠭᠡᠮ | ᠲᠣᠭᠤᠷᠢᠭ ᠲᠤ ᠭᠦᠨᠵᠡᠭᠡᠶᠢᠷᠡᠨ ︽ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠪᠠᠷ ᠭᠤᠤᠯ ᠰᠡᠳᠦᠪ ᠪᠣᠯᠭᠠᠭᠰᠠᠨ | ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ︽ᠬᠠᠯᠠᠭᠤᠨ ᠳᠣᠲᠣᠨᠣ ᠰᠠᠨᠠᠭᠤᠯᠤᠮᠵᠢ︾ ᠨᠢ ᠮᠡᠬᠡᠯᠡᠯ ᠢ ᠡᠰᠡᠷᠭᠦᠴᠡᠬᠦ ᠮᠡᠳᠡᠯᠭᠡ ᠶᠢ ᠳᠠᠮᠵᠢᠭᠤᠯᠵᠤ᠂ | ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃ | ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠸᠢᠴᠠᠲ ᠤᠨ | ᠨᠠᠶᠢᠵᠠ ᠶᠢᠨ ᠲᠣᠭᠤᠷᠢᠭ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠦᠯᠬᠦᠮ ᠢᠶᠠᠷ ᠳᠠᠮᠵᠢᠭᠤᠯᠤᠨ ︽ᠮᠡᠬᠡᠯᠡᠯ ᠢ | ᠡᠰᠡᠷᠭᠦᠴᠡᠬᠦ ᠮᠡᠳᠡᠯᠭᠡ ᠶᠢᠨ ᠪᠢᠴᠢᠯ ᠬᠢᠴᠢᠶᠡᠯ ᠤᠨ ᠲᠠᠩᠬᠢᠮ︾ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠬᠡᠯᠡᠯ ᠢ | ᠡᠰᠡᠷᠭᠦᠴᠡᠬᠦ ᠤᠬᠠᠭᠤᠯᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠡᠳᠦᠷ ᠪᠦᠷᠢ ᠮᠡᠬᠡᠯᠡᠯ ᠢ ᠡᠰᠡᠷᠭᠦᠴᠡᠬᠦ ᠮᠡᠳᠡᠯᠭᠡ ᠪᠠ | ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠳᠠᠮᠵᠢᠭᠤᠯᠤᠨ ᠲᠠᠷᠬᠠᠭᠠᠵᠤ᠂ ᠰᠠᠭᠤᠭᠠᠯᠢ ᠠᠷᠠᠳ ᠲᠤ ᠮᠡᠬᠡᠯᠡᠯ ᠤᠨ ᠠᠷᠭ᠎ᠠ | ᠵᠠᠮ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠦᠨ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ︽ᠬᠥᠮᠦᠨ | ᠪᠦᠬᠦᠨ ᠮᠡᠬᠡᠯᠡᠯ ᠢ ᠡᠰᠡᠷᠭᠦᠴᠡᠬᠦ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠤᠬᠠᠭᠤᠯᠬᠤ︾ ᠭᠦᠨ | ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠪᠠ᠃ | ︽ᠲᠠᠪᠤ ᠶᠢ ᠣᠷᠣᠭᠤᠯᠬᠤ︾ ᠮᠡᠬᠡᠯᠡᠨ ᠬᠢᠬᠠᠬᠤ ᠶᠢ ᠡᠰᠡᠷᠭᠦᠴᠡᠬᠦ ᠠᠮᠤᠷ ᠲᠦᠪᠰᠢᠨ ᠤ ᠡᠭᠦᠳᠡ ᠶᠢ | ᠳᠤᠤᠭᠠᠷᠭᠠᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠪᠡ᠃ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠬᠤᠳᠠᠯᠳᠤᠭᠠᠨ ᠤ ᠲᠠᠯᠠᠪᠤᠷ᠂ ᠨᠡᠶᠢᠭᠡᠮ | ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠰᠡᠯᠡᠭᠦᠴᠡᠯ ᠤᠨ | ᠲᠠᠯᠠᠪᠠᠶ ᠳᠤ ᠬᠦᠷᠴᠦ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠢᠭᠡ | ᠨᠢᠭᠡ ᠪᠠᠷ︾ ︽ᠨᠢᠭᠤᠷᠳᠠᠬᠤ︾ ᠨᠠᠷᠢᠯᠢᠭ ᠣᠨᠣᠴᠠᠲᠠᠶ ᠤᠬᠠᠭᠤᠯᠭ᠎ᠠ ᠶᠢ ᠥᠷᠨᠢᠭᠦᠯᠪᠡ᠃ ᠨᠠᠰᠤᠲᠠᠶᠢᠴᠤᠳ ᠲᠤ | ᠴᠢᠭᠯᠡᠭᠦᠯᠦᠨ᠂ ᠴᠠᠭᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ᠂ ᠲᠥᠬᠦᠮ ᠣᠶᠢᠯᠠᠭᠠᠮᠵᠢᠲᠠᠶ | ᠦᠭᠡ ᠬᠡᠯᠡ ᠪᠠᠷ ᠡᠷᠡᠭᠦᠯᠵᠢᠯ ᠤᠨ ᠡᠳ᠋ ᠤᠨ ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠪᠠᠯᠠ ᠣᠷᠣᠭᠤᠯᠤᠯᠲᠠ ᠶᠢᠨ | ᠮᠡᠬᠡᠯᠡᠯ ᠢ ᠲᠠᠶᠢᠯᠪᠤᠷᠢᠯᠠᠪᠠ᠃ ᠰᠤᠷᠤᠭᠴᠢᠳ ᠤᠨ ᠪᠦᠯᠬᠦᠮ ᠳᠤ ᠬᠦᠷᠴᠦ᠂ ᠠᠷᠠᠳ ᠤᠨ ᠴᠠᠭᠳᠠᠭ᠎ᠠ ᠰᠤᠷᠭᠠᠭᠤᠯᠢ ᠶᠢᠨ | ᠬᠦᠷᠢᠶᠡᠨ ᠳᠤ ᠣᠷᠣᠵᠤ᠂ ᠰᠣᠨᠢᠷᠬᠠᠯᠲᠤ ᠥᠯᠢᠭᠡᠷ᠂ ᠬᠠᠷᠢᠯᠴᠠᠨ ᠬᠥᠳᠡᠯᠦᠯᠴᠡᠬᠦ ᠲᠣᠭᠯᠠᠭᠠᠮ ᠲᠠᠢ ᠤᠶᠠᠯᠳᠤᠭᠤᠯᠤᠨ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠣᠭᠯᠠᠭᠠᠮ᠂ ᠠᠷᠠᠰᠤ ᠬᠠᠭᠤᠷᠴᠤ ᠮᠡᠬᠡᠯᠡᠬᠦ ᠠᠵᠢᠯᠯᠠᠭ᠎ᠠ᠂ ᠲᠤᠰᠢᠶᠠᠯ | ᠬᠠᠪᠰᠤᠷᠭᠠᠵᠤ ᠮᠡᠬᠡᠯᠡᠬᠦ ᠲᠠᠢ ᠤᠶᠠᠯᠳᠤᠭᠤᠯᠪᠠ᠃ ᠬᠤᠳᠠᠯᠳᠤᠭᠠᠴᠢᠨ ᠡᠷᠦᠬᠡ ᠳᠤ ᠬᠠᠨᠳᠤᠵᠤ᠂ ᠠᠷᠠᠳ ᠤᠨ | ᠴᠠᠭᠳᠠᠭ᠎ᠠ ᠭᠦᠨᠵᠡᠭᠡᠶ ᠰᠣᠯᠢᠯᠴᠠᠨ᠂ ᠬᠤᠳᠠᠯ ᠬᠠᠭᠤᠷᠮᠠᠭ ᠵᠠᠬᠢᠶᠠᠯᠠᠭ᠎ᠠ ᠶᠢᠨ ᠮᠡᠬᠡᠯᠡᠯ ᠤᠨ ᠠᠷᠭ᠎ᠠ ᠪᠠᠷᠢᠯ ᠢ ᠵᠠᠳᠠᠯᠪᠠ᠃ | ︽ᠪᠡᠶ᠎ᠡ ᠪᠠᠷ ᠢᠶᠠᠨ ᠬᠠᠮᠠᠭᠠᠯᠠᠬᠤ︾ ᠮᠠᠶ᠋ᠢᠭ ᠤᠨ ᠤᠬᠠᠭᠤᠯᠭ᠎ᠠ ᠪᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ | ᠮᠡᠳᠡᠯᠭᠡ ᠶᠢ ᠣᠶᠢᠯᠠᠭᠠᠵᠤ᠂ ᠴᠡᠭᠡᠵᠢᠯᠡᠵᠦ᠂ ᠮᠡᠬᠡᠯᠡᠯ ᠢ ᠡᠰᠡᠷᠭᠦᠴᠡᠬᠦ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠦᠨᠡᠨ ᠬᠦ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠶᠡᠭᠡ ᠵᠡᠭᠡᠯᠢ ᠶᠢᠨ ᠲᠣᠮᠢᠯᠠᠭᠰᠠᠨ ᠰᠠᠯᠪᠤᠷᠢ ︽ᠴᠣᠬᠢᠯᠲᠠ ᠥᠭᠬᠦ | ᠪᠠ ᠰᠡᠷᠭᠡᠶᠢᠯᠡᠬᠦ ᠶᠢ ᠤᠶᠠᠯᠳᠤᠭᠤᠯᠵᠤ᠂ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ︾ ᠠᠵᠢᠯ ᠤᠨ ᠣᠶᠢᠯᠠᠭᠠᠭᠳᠠᠬᠤᠨ ᠢ | ᠪᠠᠷᠢᠮᠲᠠᠯᠠᠵᠤ᠂ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠵᠦ᠂ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠠᠵᠢᠯ ᠤᠨ ᠪᠠᠶᠢᠷᠢᠰᠢᠯ ᠢ ᠦᠷᠭᠦᠯᠵᠢᠯᠡᠨ | ᠠᠬᠢᠭᠤᠯᠵᠤ᠂ ᠬᠠᠷᠢᠶᠠᠲᠤ ᠣᠷᠣᠨ ᠤ ᠤᠯᠠᠨ ᠲᠦᠮᠡᠨ ᠤ ︽ᠵᠣᠭᠤᠰᠣᠨ ᠤᠭᠤᠲᠠ︾ ᠶᠢ ᠰᠠᠶᠢᠲᠤᠷ ᠬᠠᠮᠠᠭᠠᠯᠠᠬᠤ ᠳᠤ | ᠬᠦᠴᠦᠨ ᠢᠶᠠᠨ ᠨᠡᠮᠡᠷᠢᠯᠡᠨ᠎ᠡ᠃ |