3 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠮᠠᠯᠵᠢᠬᠤ ᠲᠠᠷᠢᠶᠠᠯᠠᠬᠤ ᠣᠷᠣᠨ ᠤ ᠲᠤᠰᠬᠠᠢ | ᠠᠵᠢᠯ ᠤᠨ ᠲᠣᠭᠲᠠᠴᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠪᠤᠭᠤᠲᠤ ᠬᠤᠳᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠣᠯᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔ ᠰᠢᠨ᠎ᠡ ᠪᠠᠷ ᠬᠥᠭᠵᠢᠭᠰᠡᠨ | ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ᠂ ᠪᠦᠬᠦ ᠤᠯᠤᠰ ᠤᠨ ᠨᠡᠶᠢᠭᠡᠮ ᠤᠨ | ᠠᠵᠢᠯ ᠤᠨ ᠬᠤᠷᠠᠯ ᠤᠨ ᠵᠣᠷᠢᠭ ᠰᠠᠨᠠᠭ᠎ᠠ︔ ᠥᠪᠡᠷᠲᠡᠭᠡᠨ ᠵᠠᠰᠠᠬᠤ ᠣᠷᠣᠨ ᠤ ︽ᠡᠯ᠎ᠡ ᠲᠦᠷᠦᠯ ᠤᠨ ᠬᠢᠨᠠᠯᠲᠠ ᠶᠢ | ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠬᠤ ᠠᠵᠢᠯ ᠤᠨ ᠲᠤᠬᠠᠢ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ | ᠰᠠᠨᠠᠭ᠎ᠠ︔ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ︔ ᠲᠥᠪ ᠬᠤᠷᠢᠶ᠎ᠠ | ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠦᠬᠦᠢ ᠬᠤᠷᠠᠯ᠂ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ᠃ | ᠬᠤᠷᠠᠯ ᠠᠴᠠ ᠪᠥᠬᠦ ᠣᠷᠣᠨ ᠤ ᠨᠡᠶᠢᠭᠡᠮ ᠤᠨ ᠠᠵᠢᠯ ᠤᠨ ᠪᠠᠶᠢᠳᠠᠯ᠂ 2024 ᠣᠨ ᠳᠤ ᠮᠠᠨ ᠤ ᠣᠷᠣᠨ ᠤ | ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠠᠵᠢᠯ ᠤᠨ | ᠪᠠᠶᠢᠳᠠᠯ᠂ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ᠂ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ︽ᠪᠥᠬᠦ ᠣᠷᠣᠨ ᠳᠤ ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠭᠦᠨᠵᠡᠭᠡᠶ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾᠂ ︽ᠳ᠋ᠦᠩ ᠾᠧ ᠲᠣᠭᠤᠷᠢᠭ ᠤᠨ | ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ︾ | ᠢ ᠰᠤᠳᠤᠯᠤᠨ ᠬᠢᠨᠠᠨ ᠵᠥᠪᠯᠡᠵᠦ᠂ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠠᠯᠢ ᠣᠯᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠥᠬᠦ ᠵᠢᠯ ᠤᠨ ᠬᠠᠷᠠᠯᠲᠠ ᠡᠭᠦᠷᠭᠡ ᠲᠠᠢ ᠤᠶᠠᠯᠳᠤᠭᠤᠯᠤᠨ᠂ ᠠᠯᠢᠪᠠ | ᠠᠰᠢᠭᠲᠠᠶ ᠴᠠᠭ ᠲᠣᠬᠢᠶᠠᠯ ᠢ ᠠᠳᠬᠤᠵᠤ᠂ ᠠᠯᠢᠪᠠ ᠠᠰᠢᠭᠲᠠᠶ ᠨᠥᠬᠦᠴᠡᠯ ᠢ ᠠᠰᠢᠭᠯᠠᠨ᠂ ᠡᠷᠴᠢ ᠵᠣᠷᠢᠭ ᠢᠶᠠᠨ | ᠭᠦᠢᠴᠡᠳ ᠪᠠᠳᠠᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠬᠠᠮᠲᠤ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠳ᠋ᠦᠩᠨᠡᠨ ᠦᠨᠡᠯᠡᠬᠦ ᠪᠠ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠬᠦ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠳᠤᠷᠢᠳᠬᠤ ᠺᠠᠳ᠋ᠷ ᠵᠢᠱᠢᠶ᠎ᠡ | ᠦᠵᠡᠭᠦᠯᠵᠦ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠳᠤ | ᠬᠤᠪᠢᠶᠠᠬᠤ ᠦᠭᠡᠢ᠂ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ᠂ ᠳᠡᠭᠡᠳᠦ ᠲᠤᠤᠷᠠᠳᠤ ᠱᠠᠳᠤ ᠶᠢ | ᠨᠡᠪᠲᠡᠷᠡᠭᠦᠯᠬᠦ ᠱᠠᠭᠠᠷᠳᠠᠯᠭ᠎ᠠ ᠶᠣᠰᠣᠭᠠᠷ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ | ᠠᠬᠢᠭᠤᠯᠵᠤ᠂ ᠨᠠᠮ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠨᠠᠮ ᠤᠨ ᠲᠥᠪ ᠬᠤᠷᠢᠶᠠᠨ ᠤ | ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠪᠦᠳᠦᠭᠡᠨ | ᠪᠠᠶᠢᠭᠤᠯᠤᠯᠲᠠ ᠶᠢᠨ ᠲᠦᠪᠰᠢᠨ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠭᠤᠶᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ | ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠢ ᠡᠵᠡᠮᠳᠡᠵᠦ | ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠠᠴᠢ ᠬᠤᠯᠪᠣᠭᠳᠠᠯ ᠢ ᠭᠦᠢᠴᠡᠳ ᠲᠠᠨᠢᠵᠤ᠂ | ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ︽ᠰᠡᠭᠦᠯᠴᠢ ᠶᠢᠨ ᠬᠠᠭᠠᠰ ᠠᠵᠢᠯ︾ ᠳᠤ ᠬᠠᠷᠢᠭᠤᠴᠠᠬᠤ ᠬᠢᠨᠠᠯᠲᠠ ᠲᠠᠯᠪᠢᠬᠤ ᠶᠢ | ᠲᠤᠪᠤᠶᠢᠯᠭᠠᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠴᠢᠬᠤᠯᠠ ᠡᠭᠦᠷᠭᠡ ᠪᠣᠯᠭᠠᠨ ᠴᠥᠬᠦᠷᠡᠰᠢ ᠦᠭᠡᠢ ᠠᠳᠬᠤᠵᠤ᠂ ︽ | ᠰᠤᠷᠭᠠᠭᠤᠯᠢ ᠶᠢᠨ ᠬᠦᠷᠢᠶᠡᠨ ᠤ ᠬᠤᠭᠤᠯᠠ︾᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ | ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ | ᠬᠠᠮᠢᠶᠠᠷᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠯᠠᠨ ᠳᠤ | ᠦᠨᠡᠨᠬᠦ ᠰᠡᠷᠡᠭᠳᠡᠵᠦ᠂ ᠦᠨᠡᠨᠬᠦ ᠠᠰᠢᠭ ᠬᠦᠷᠲᠡᠭᠡᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢᠨ ᠣᠨ ᠤ | ᠡᠭᠦᠷᠭᠡ ᠶᠢᠨ ᠨᠠᠷᠢᠨ ᠬᠠᠭᠤᠳᠠᠰᠤ ᠪᠠᠷ ᠭᠠᠷᠳᠠᠴᠠ ᠪᠣᠯᠭᠠᠵᠤ᠂ ᠡᠯ᠎ᠡ ᠵᠦᠢᠯ ᠤᠨ ᠰᠢᠯᠭᠠᠨ ᠬᠢᠨᠠᠬᠤ ᠭᠦᠢᠴᠡᠳᠭᠡᠯ | ᠲᠤᠭ᠎ᠠ ᠶᠢ ᠴᠠᠭ ᠲᠤᠬᠠᠶ ᠳᠤᠨᠢ ᠮᠥᠷᠳᠡᠨ ᠲᠣᠬᠢᠷᠠᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ | ᠰᠤᠳᠤᠯᠵᠤ᠂ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ ᠰᠠᠶᠢᠲᠤᠷ ᠠᠳᠬᠤᠵᠤ᠂ ᠠᠰᠠᠭᠤᠳᠠᠯ ᠢ | ᠦᠨᠡᠨ ᠬᠦ ᠥᠭᠡᠷᠡᠴᠢᠯᠡᠬᠦ᠂ ᠪᠣᠳᠠᠲᠠᠶ ᠥᠭᠡᠷᠡᠴᠢᠯᠡᠬᠦ᠂ ᠲᠦᠢᠯᠪᠤᠷᠢᠲᠠᠶ ᠥᠭᠡᠷᠡᠴᠢᠯᠡᠬᠦ ᠶᠢ ᠦᠨᠡᠨ ᠬᠦ ᠪᠠᠲᠤᠯᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠭᠢᠨ ᠬᠠᠷᠠᠬᠤ︾ ᠶᠢ ᠭᠦᠨᠵᠡᠭᠡᠶ | ᠥᠷᠨᠢᠭᠦᠯᠵᠦ᠂ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠪᠡᠷᠯᠡᠨ ᠳ᠋ᠤᠭᠠᠷ ᠢ ᠨᠢ ᠬᠠᠰᠤᠬᠤ ᠶᠢ ᠪᠠᠲᠤᠯᠠᠵᠤ᠂ | ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ | ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠶᠢ ᠦᠨᠡᠨ ᠬᠦ | ᠪᠡᠶᠡᠯᠡᠭᠦᠯᠬᠦ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |