ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/24
   3 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠦᠯ ᠢ ᠰᠤᠳᠤᠯᠤᠨ ᠬᠢᠨᠠᠨ ᠵᠥᠪᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠵᠣᠬᠢᠶᠠᠨ ᠪᠠᠶᠢᠭᠤᠯᠤᠯᠳᠠᠵᠢᠯᠳᠡ ᠂ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠠᠷᠠᠲᠤ ᠲᠡᠮᠳᠡᠭᠵᠢᠯᠲᠡ᠂ ᠪᠣᠬᠢᠷᠲᠤᠯ ᠥᠬᠡᠶ᠂ ᠲᠣᠭᠠᠴᠢᠯᠠᠭᠰᠠᠨ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠬᠤ ᠬᠡᠷᠡᠭᠲᠡᠢ᠃    ᠬᠤᠷᠠᠯ ᠠᠴᠠ ᠪᠦᠬᠦ ᠲᠣᠭᠤᠷᠢᠭ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠡᠩ ᠶᠡᠭᠡ ᠡᠷᠴᠢᠮ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠬᠢᠨᠠᠯᠲᠠ ᠪᠠᠷ ᠤᠰᠤ ᠶᠢ ᠬᠠᠮᠢᠶᠠᠷᠴᠤ ᠤᠰᠤ ᠶᠢ ᠵᠠᠰᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠦᠬᠦ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠵᠠᠮ ᠬᠠᠷᠢᠯᠴᠠᠭ᠎ᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠭᠠᠵᠠᠷ ᠣᠷᠣᠨ ᠤ ᠪᠣᠳᠠᠲᠠᠶ ᠳᠤ ᠤᠯᠠᠮ ᠨᠢᠭᠡ ᠠᠯᠬᠤᠮ ᠰᠠᠭᠤᠷᠢᠯᠠᠨ᠂ ᠭᠤᠤᠯᠳᠠᠯᠭ᠎ᠠ ᠶᠢ ᠳᠣᠪᠤᠶᠢᠯᠭᠠᠨ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠮᠵᠢᠯᠲᠠ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯᠳᠠ ᠶᠢ ᠭᠦᠨᠵᠡᠭᠡᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠡᠬᠢ ᠡᠭᠦᠰᠦᠯ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠦᠬᠦ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠵᠠᠷ ᠣᠷᠣᠨ ᠤ ᠲᠡᠦᠬᠡ ᠰᠣᠶᠣᠯ ᠤᠨ ᠠᠭᠤᠯᠬᠤᠨ ᠪᠣᠯᠤᠨ ᠣᠨᠴᠠᠯᠢᠭ ᠢ ᠭᠦᠨᠵᠡᠭᠡᠢ ᠠᠭᠤᠳᠠᠯᠵᠤ᠂ ᠨᠢᠭᠲᠠ ᠤᠶᠠᠯᠳᠤᠭᠤᠯᠬᠤ᠂ ᠭᠦᠨᠵᠡᠭᠡᠢ ᠠᠭᠤᠰᠤᠯᠴᠠᠭᠤᠯᠬᠤ ᠵᠡᠷᠭᠡ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠨᠡᠩ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠬᠤ ᠪᠠ ᠳᠤᠲᠠᠭᠤᠳᠠᠯ ᠢᠶᠠᠨ ᠨᠥᠬᠦᠪᠥᠷᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠣᠯᠠᠨ ᠲᠠᠯ᠎ᠠ ᠪᠠᠷ ᠬᠠᠮᠵᠢᠯᠴᠠᠵᠤ᠂ ᠣᠯᠠᠨ ᠲᠠᠯ᠎ᠠ ᠪᠠᠷ ᠬᠠᠮᠲᠤ ᠪᠠᠷ ᠵᠠᠰᠠᠵᠤ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠨᠠᠩ ᠰᠢᠯᠢᠳᠡᠭ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1