ᠬᠤᠲᠠ ᠶᠢᠨ ᠥᠨᠴᠥᠭ ᠪᠤᠯᠤᠩ ᠳᠤ᠂ ᠡᠶᠢᠮᠦ ᠨᠢᠭᠡ ᠣᠨᠴᠠᠭᠠᠢ ᠪᠥᠯᠥᠭ — ᠲᠡᠨᠦᠭᠦᠴᠢᠯᠡᠨ | ᠭᠤᠢᠷᠠᠨᠴᠢᠯᠠᠵᠤ ᠪᠠᠶᠢᠭ᠎ᠠ ᠬᠥᠮᠥᠰ᠂ ᠲᠡᠳᠡᠨ ᠤ ᠬᠠᠯᠠᠭᠤᠨ ᠳᠤᠯᠠᠭᠠᠨ ᠨᠢ ᠠᠷᠠᠳ ᠤᠨ ᠶᠠᠪᠤᠳᠠᠯ ᠤᠨ ᠲᠤᠪᠴᠢᠶᠠᠨ ᠤ | ᠰᠡᠳᠬᠢᠯ ᠢ ᠲᠠᠲᠠᠵᠤ ᠪᠠᠶᠢᠨ᠎ᠠ᠃ ᠣᠶᠢᠷ᠎ᠠ ᠳᠤ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠬᠠᠯᠠᠭᠤᠨ ᠳᠤᠯᠠᠭᠠᠨ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃ | ᠣᠶᠢᠷ᠎ᠠ ᠳᠤ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠠᠯᠠᠭᠤᠨ ᠰᠡᠳᠬᠢᠯᠲᠦ | ᠬᠤᠲᠠ ᠶᠢᠨ ᠠᠷᠠᠳ ᠤᠨ ᠲᠤᠰᠬᠠᠯ ᠢ ᠲᠤᠰᠪᠠ᠄ ᠳ᠋ᠦᠩ ᠾᠧ ᠲᠣᠭᠤᠷᠢᠭ ᠤᠨ ᠠᠭᠤᠷᠬᠠᠢ ᠶᠢᠨ ᠮᠠᠰᠢᠨ ᠤ | ᠰᠠᠭᠤᠭᠠᠯᠢ ᠲᠣᠭᠤᠷᠢᠭ ᠤᠨ 21 ᠳ᠋ᠦ᠋ᠭᠡᠷ ᠠᠰᠠᠷ ᠤᠨ 2 ᠳ᠋ᠤᠭᠠᠷ ᠨᠢᠭᠡᠴᠢ ᠳᠤ ᠲᠡᠨᠦᠭᠦᠯ ᠬᠦᠮᠦᠨ ᠪᠠᠶᠢᠨ᠎ᠠ᠃ 3 | ᠰᠠᠷ᠎ᠠ ᠶᠢᠨ 13 ᠤ ᠡᠳᠦᠷ ᠲᠤᠰᠬᠠᠯ ᠢ ᠣᠯᠤᠭᠰᠠᠨ ᠤ ᠳᠠᠷᠠᠭ᠎ᠠ᠂ ᠳ᠋ᠦᠩ ᠾᠧ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠶᠢᠨ ᠠᠵᠢᠯᠲᠠᠳ ᠲᠡᠷᠡ ᠳᠠᠷᠤᠶ ᠳᠤᠨᠢ ᠳ᠋ᠦᠩ ᠾᠧ ᠲᠣᠭᠤᠷᠢᠭ ᠤᠨ ᠠᠭᠤᠷᠬᠠᠶ ᠶᠢᠨ | ᠮᠠᠰᠢᠨ ᠤ ᠰᠠᠭᠤᠭᠠᠯᠢ ᠲᠣᠭᠤᠷᠢᠭ ᠤᠨ 21 ᠳ᠋ᠦᠭᠡᠷ ᠠᠰᠠᠷ ᠤᠨ 2 ᠳ᠋ᠤᠭᠠᠷ ᠨᠢᠭᠡᠴᠢ ᠶᠢᠨ ᠬᠢᠨᠠᠨ ᠬᠠᠷᠭᠤᠭᠤᠯᠤᠭᠰᠠᠨ | ᠪᠠᠶᠢᠳᠠᠯ ᠢ ᠬᠢᠨᠠᠨ ᠬᠠᠷᠭᠤᠭᠤᠯᠵᠤ᠂ ᠲᠤᠬᠠᠶ ᠶᠢᠨ ᠡᠳᠦᠷ ᠲᠤ ᠲᠡᠨᠦᠭᠦᠴᠢᠯᠡᠵᠦ ᠪᠠᠶᠢᠭ᠎ᠠ ᠬᠥᠮᠦᠰ ᠢ ᠣᠯᠵᠤ | ᠦᠵᠡᠭᠰᠡᠨ ᠥᠬᠡᠶ᠂ ᠣᠷᠣᠶ ᠶᠢᠨ 8 ᠴᠠᠭ ᠲᠤ ᠳᠠᠬᠢᠨᠲᠠ ᠬᠦᠷᠴᠦ᠂ ᠮᠥᠨ ᠯᠡ ᠡᠷᠢᠵᠦ ᠣᠯᠤᠭᠰᠠᠨ ᠥᠬᠡᠶ᠃ | ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠲᠣᠮᠵᠢ ᠶᠢᠨ ᠵᠧᠩ ᠪᠸᠢ ᠨᠠᠶᠢᠭᠡᠮ ᠲᠣᠭᠤᠷᠢᠭ ᠤᠨ ᠠᠵᠢᠯᠲᠠᠨ ᠲᠠᠢ | ᠬᠠᠷᠢᠯᠴᠠᠬᠤ ᠪᠠᠷ ᠲᠠᠮᠵᠢᠭᠠᠳ᠂ ᠡᠨᠡ ᠬᠦ ᠲᠡᠨᠦᠬᠦᠯ ᠬᠦᠮᠦᠰ ᠤᠨ ᠶᠠᠪᠤᠬᠤ ᠨᠢ ᠲᠣᠭᠳᠠᠭᠰᠠᠨ ᠦᠭᠡᠢ ᠪᠣᠯᠬᠤᠷ | ᠠᠪᠣᠷᠠᠨ ᠲᠣᠰᠠᠯᠠᠬᠤ ᠠᠵᠢᠯ ᠳᠤ ᠵᠣᠬᠢᠬᠤ ᠬᠡᠮᠵᠢᠶᠡᠨ ᠤ ᠬᠦᠴᠢᠷᠳᠡᠯ ᠠᠪᠴᠢᠷᠠᠵᠠᠢ᠃ ᠭᠡᠪᠡᠴᠦ ᠬᠦᠴᠢᠷᠳᠡᠯ ᠨᠢ | ᠠᠪᠤᠷᠠᠨ ᠲᠤᠰᠠᠯᠠᠬᠤ ᠠᠯᠬᠤᠴᠠ ᠶᠢ ᠬᠠᠷᠰᠢᠯᠠᠵᠤ ᠳᠡᠶᠢᠯᠦᠭᠰᠡᠨ ᠦᠭᠡᠢ᠂ 3 ᠰᠠᠷ᠎ᠠ ᠶᠢᠨ 17 ᠤ ᠣᠷᠣᠶ᠂ ᠳ᠋ᠦᠩ | ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠠᠪᠤᠷᠠᠨ ᠲᠤᠰᠠᠯᠠᠬᠤ ᠥᠷᠲᠡᠭᠡ ᠲᠠᠢ | ᠬᠠᠮᠲᠤᠷᠠᠨ ᠠᠭᠤᠷᠬᠠᠶ ᠶᠢᠨ ᠮᠠᠰᠢᠨ ᠤ ᠰᠠᠭᠤᠭᠠᠯᠢ ᠲᠣᠭᠤᠷᠢᠭ ᠲᠤ ᠳᠠᠬᠢᠨᠲᠠ ᠬᠦᠷᠴᠦ ᠢᠷᠡᠵᠡᠶ᠃ ᠡᠨᠡ ᠤᠳᠠᠭ᠎ᠠ | ᠲᠡᠳᠡ ᠲᠡᠨᠦᠭᠦᠯᠴᠢ ᠶᠢ ᠣᠯᠵᠤ ᠠᠪᠤᠭᠰᠠᠨ ᠪᠥᠭᠡᠳ ᠳᠠᠷᠤᠶ ᠲᠦᠷᠭᠡᠨ ᠲᠡᠭᠦᠨ ᠢ ᠠᠪᠤᠷᠠᠨ ᠲᠤᠰᠠᠯᠠᠬᠤ | ᠥᠷᠲᠡᠭᠡᠨ ᠳᠤ ᠲᠥᠪᠬᠢᠨᠡᠭᠦᠯᠵᠦ᠂ ᠲᠡᠨᠦᠭᠦᠯ ᠬᠥᠮᠦᠰ ᠢ ᠰᠠᠯᠬᠢ ᠪᠣᠷᠣᠭᠠᠨ ᠠᠴᠠ ᠬᠠᠯᠬᠠᠯᠠᠵᠤ᠂ ᠠᠮᠤᠷ ᠲᠦᠪᠰᠢᠨ | ᠠᠮᠢᠳᠤᠷᠠᠬᠤ ᠭᠠᠵᠠᠷ ᠲᠠᠢ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠠᠷᠠᠳ ᠤᠨ ᠶᠠᠪᠤᠳᠠᠯ ᠠᠷᠠᠳ ᠤᠨ ᠲᠥᠯᠥᠭᠡ ᠪᠠᠶᠢᠬᠤ | ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ | ᠂ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠡᠨᠦᠭᠦᠯ ᠭᠤᠶᠢᠷᠠᠨᠴᠢᠳ ᠢ ᠴᠠᠭ ᠲᠤᠬᠠᠶ ᠳᠤᠨᠢ | ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ᠂ ᠥᠨᠴᠥᠭ | ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ | ᠴᠢᠷᠮᠠᠶᠢᠯᠭ᠎ᠠ ᠳᠣᠣᠷ᠎ᠠ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠨᠢᠭᠡᠪᠦᠷᠢ ᠴᠥᠮ ᠨᠡᠶᠢᠭᠡᠮ ᠤᠨ | ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠮᠡᠳᠡᠷᠡᠵᠦ᠂ ᠬᠠᠶᠢᠷ᠎ᠠ ᠬᠠᠯᠠᠮᠵᠢ ᠶᠢ ᠬᠤᠳᠠ ᠳᠤ ᠳᠠᠮᠵᠢᠭᠤᠯᠵᠤ᠂ | ᠬᠠᠶᠢᠷ᠎ᠠ ᠬᠠᠯᠠᠮᠵᠢ ᠪᠢᠯᠬᠠᠭᠰᠠᠨ ᠨᠡᠶᠢᠭᠡᠮ ᠤᠨ ᠣᠷᠴᠢᠨ ᠨᠥᠬᠦᠴᠡᠯ ᠢ ᠬᠠᠮᠲᠤᠪᠠᠷ ᠪᠤᠢ ᠪᠣᠯᠭᠠᠵᠤ ᠴᠢᠳᠠᠨ᠎ᠠ ᠭᠡᠳᠡᠭ ᠢ | ᠪᠢᠳᠡ ᠢᠲᠡᠭᠡᠵᠦ ᠪᠠᠶᠢᠨ᠎ᠠ ᠭᠡᠵᠡᠢ᠃ |