ᠨᠢᠭᠡ᠂ ᠤᠳᠤᠷᠢᠳᠬᠤ ᠪᠠᠭ ᠤᠨ ᠪᠦᠷᠢᠯᠳᠦᠬᠦᠨ ᠵᠢᠴᠢ ᠠᠵᠢᠯ ᠤᠨ ᠬᠤᠪᠢᠶᠠᠷᠢᠯᠠᠯ | ᠯᠢ ᠢ ︵ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠲᠤᠪᠴᠢᠶᠠᠨ ᠳᠠᠷᠤᠭ᠎ᠠ︶ | ᠪᠦᠬᠦ ᠲᠠᠯ᠎ᠠ ᠶᠢᠨ ᠪᠦᠬᠦᠯᠢ ᠴᠣᠭᠴᠠ ᠶᠢᠨ ᠠᠵᠢᠯ ᠢ ᠡᠷᠬᠢᠯᠡᠨ᠎ᠡ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠠᠬᠤᠢ ᠶᠢᠨ | ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃ | ᠯᠢᠨ ᠯᠢᠨ ︵ᠲᠣᠭᠤᠷᠢᠭ ᠤᠨ ᠬᠤᠳᠠᠯᠳᠤᠭᠠᠴᠢᠨ ᠤᠷᠢᠬᠤ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ︶ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠷᠬᠢᠯᠡᠵᠦ᠂ | ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠲᠤᠰ ᠨᠢᠭᠡᠴᠡ ᠶᠢᠨ ᠢᠶᠠᠨ ᠨᠠᠮ ᠤᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠨ᠎ᠡ᠃ ᠲᠤᠰ | ᠨᠢᠭᠡᠴᠡ ᠶᠢᠨ ᠢᠶᠠᠨ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃ ᠡᠭᠦᠨ ᠤ ᠬᠠᠮᠲᠤ ᠲᠣᠪᠴᠢᠶᠠᠨ | ᠳᠠᠷᠤᠭ᠎ᠠ ᠶᠢ ᠬᠠᠮᠵᠢᠨ ᠪᠦᠬᠦ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ | ᠲᠤᠤ ᠯᠸᠢ ︵ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ︶ | ᠲᠣᠪᠴᠢᠶᠠᠨ ᠳᠠᠷᠤᠭ᠎ᠠ ᠶᠢ ᠬᠠᠪᠰᠤᠷᠤᠨ ᠠᠵᠢᠯ ᠢᠶᠠᠨ ᠥᠷᠨᠢᠭᠦᠯᠵᠦ᠂ ᠳᠠᠬᠢᠨ ᠡᠭᠦᠰᠴᠦ ᠪᠣᠯᠬᠤ ᠡᠬᠢ | ᠪᠠᠶᠠᠯᠢᠭ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ | ᠬᠥᠭᠵᠢᠯᠲᠡ ᠶᠢᠨ ᠲᠥᠯᠥᠪ᠂ ᠬᠤᠳᠠᠯᠳᠤᠭᠠᠴᠢᠨ ᠤᠷᠢᠬᠤ ᠴᠢᠭᠯᠡᠯ ᠵᠢᠴᠢ ᠳᠡᠮᠵᠢᠬᠦ ᠲᠥᠷᠥ ᠶᠢᠨ ᠪᠣᠳᠣᠯᠭ᠎ᠠ ᠶᠢᠨ | ᠰᠤᠳᠤᠯᠭᠠᠨ ᠢ ᠬᠠᠷᠢᠭᠤᠴᠠᠵᠤ᠂ ᠭᠠᠳᠠᠭᠰᠢ ᠭᠠᠷᠴᠤ ᠬᠠᠮᠢᠶ᠎ᠠ ᠪᠦᠬᠦᠢ ᠬᠠᠷᠠᠯᠲᠠᠲᠤ ᠠᠵᠤ ᠠᠬᠤᠶᠢᠯᠠᠯ ᠢ ᠰᠢᠨᠵᠢᠯᠡᠨ | ᠪᠠᠶᠢᠴᠠᠭᠠᠵᠤ᠂ ᠰᠢᠨᠵᠢᠯᠡᠨ ᠪᠠᠶᠢᠴᠠᠭᠠᠬᠤ ᠶᠠᠪᠤᠴᠠ ᠶᠢ ᠲᠣᠭᠲᠠᠭᠠᠵᠤ᠂ ᠰᠢᠨᠵᠢᠯᠡᠨ ᠪᠠᠶᠢᠴᠠᠭᠠᠭᠰᠠᠨ ᠮᠡᠳᠡᠭᠦᠯᠦᠯᠲᠡ | ᠪᠢᠴᠢᠬᠦ ᠶᠢ ᠬᠠᠷᠢᠭᠤᠴᠠᠨ᠎ᠠ᠃ ᠬᠤᠳᠠᠯᠳᠤᠭᠠᠴᠢᠳ ᠤᠨ ᠨᠡᠶᠢᠭᠡᠮᠯᠢᠭ ᠲᠠᠢ ᠵᠣᠯᠭᠠᠭᠤᠯᠵᠤ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠬᠠᠮᠢᠶ᠎ᠠ ᠪᠦᠬᠦᠢ ᠦᠵᠡᠭᠦᠯᠭᠡ ᠶᠢᠨ ᠴᠤᠭᠯᠠᠭᠠᠨ ᠡᠷᠬᠢᠯᠡᠬᠦ ᠶᠢ ᠬᠠᠷᠢᠭᠤᠴᠠᠨ᠎ᠠ᠃ | ᠬᠠᠨ ᠹᠦ᠋ ᠲᠢᠶᠧ ︵ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ | ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ︶ | ᠲᠣᠪᠴᠢᠶᠠᠨ ᠳᠠᠷᠤᠭ᠎ᠠ ᠶᠢ ᠬᠠᠪᠰᠤᠷᠤᠨ ᠠᠵᠢᠯ ᠥᠷᠨᠢᠭᠦᠯᠵᠦ᠂ ᠠᠯᠪᠠᠨ ᠭᠡᠷ ᠢ ᠬᠤᠪᠢᠳᠠᠨ ᠬᠠᠮᠢᠶᠠᠷᠴᠤ᠂ | ᠡᠳᠦᠷ ᠲᠤᠲᠤᠮ ᠤᠨ ᠠᠵᠢᠯ᠂ ᠶᠡᠷᠦᠩᠬᠡᠶᠢᠯᠡᠨ ᠵᠣᠬᠢᠴᠠᠭᠤᠯᠬᠤ᠂ ᠬᠠᠮᠢᠶᠠᠷᠬᠤ ᠦᠢᠯᠡᠴᠢᠯᠡᠭᠡ ᠵᠡᠷᠭᠡ ᠠᠵᠢᠯ ᠢ | ᠬᠠᠷᠢᠭᠤᠴᠠᠨ᠎ᠠ᠃ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ ᠵᠢᠴᠢ ᠠᠵᠢᠯᠲᠠᠨ ᠤ ᠶᠠᠪᠤᠳᠠᠯ ᠵᠡᠷᠭᠡ ᠠᠵᠢᠯ ᠢ | ᠬᠠᠷᠢᠭᠤᠴᠠᠨ᠎ᠠ᠃ ᠥᠩᠭᠡᠲᠦ ᠲᠡᠮᠦᠷᠯᠢᠭ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠥᠭᠵᠢᠯᠲᠡ ᠶᠢᠨ ᠢᠷᠡᠭᠡᠳᠦᠢ᠂ ᠬᠤᠳᠠᠯᠳᠤᠭᠠᠴᠢᠨ ᠤᠷᠢᠬᠤ ᠴᠢᠭᠯᠡᠯ ᠵᠢᠴᠢ ᠳᠡᠮᠵᠢᠬᠦ ᠲᠥᠷᠥ ᠶᠢᠨ ᠪᠣᠳᠣᠯᠭ᠎ᠠ ᠶᠢᠨ | ᠰᠤᠳᠤᠯᠭᠠᠨ ᠢ ᠬᠠᠷᠢᠭᠤᠴᠠᠨ᠎ᠠ᠃ | ᠪᠣᠯᠣᠷ ︵ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ︶ | ᠲᠣᠪᠴᠢᠶᠠᠨ ᠳᠠᠷᠤᠭ᠎ᠠ ᠶᠢ ᠬᠠᠪᠰᠤᠷᠤᠨ ᠠᠵᠢᠯ ᠢᠶᠠᠨ ᠥᠷᠨᠢᠭᠦᠯᠵᠦ᠂ ᠪᠡᠯᠡ ᠣᠷᠣᠭᠤᠯᠤᠯᠲᠠ ᠶᠢ ᠠᠬᠢᠭᠤᠯᠬᠤ | ᠲᠥᠪ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠠᠳᠬᠤᠵᠤ᠂ ᠨᠢᠭᠡᠳᠦᠭᠡᠷ ᠠᠵᠤ ᠦᠢᠯᠡᠰ᠂ ᠭᠤᠷᠪᠠᠳᠤᠭᠠᠷ ᠠᠵᠤ | ᠦᠢᠯᠡᠰ᠂ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ ᠠᠯᠤᠰ ᠢᠷᠡᠭᠡᠳᠦᠢ᠂ ᠠᠷᠠᠯᠵᠢᠶᠠᠴᠢᠨ ᠤᠷᠢᠬᠤ | ᠴᠢᠭᠯᠡᠯ ᠵᠢᠴᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠬᠠᠷᠢᠭᠤᠴᠠᠵᠤ᠂ ᠭᠠᠳᠠᠭᠰᠢ ᠭᠠᠷᠴᠤ | ᠰᠢᠨᠵᠢᠯᠡᠨ ᠪᠠᠶᠢᠴᠠᠭᠠᠬᠤ ᠵᠠᠮ ᠱᠤᠭᠤᠮ ᠢ ᠲᠣᠭᠲᠠᠭᠠᠵᠤ᠂ ᠰᠢᠨᠵᠢᠯᠡᠨ ᠪᠠᠶᠢᠴᠠᠭᠠᠭᠰᠠᠨ ᠮᠡᠳᠡᠭᠦᠯᠦᠯᠲᠡ ᠪᠢᠴᠢᠬᠦ ᠶᠢ | ᠬᠠᠷᠢᠭᠤᠴᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠮᠠᠲ᠋ᠧᠷᠢᠶᠠᠯ᠂ | ᠲᠠᠨᠢᠯᠴᠠᠭᠤᠯᠭ᠎ᠠ ᠶᠢᠨ ᠸᠢᠳᠢᠣ᠋᠂ ᠲᠠᠨᠢᠯᠴᠠᠭᠤᠯᠬᠤ ᠦᠭᠡ ᠶᠢ ᠰᠢᠨᠡᠳᠬᠡᠬᠦ ᠪᠠ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ᠠᠷᠠᠯᠵᠢᠶᠠᠴᠢᠨ ᠤᠷᠢᠬᠤ ᠵᠥᠪᠯᠡᠭᠴᠢ ᠶᠢᠨ ᠪᠦᠯᠬᠦᠮ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ᠬᠤᠶᠠᠷ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ | ᠰᠢᠵᠢᠮ ᠢ ᠪᠠᠲᠤ ᠡᠵᠡᠮᠳᠡᠵᠦ᠂ ᠲᠡᠭᠦᠨ ᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠪᠡᠯᠡ ᠣᠷᠣᠭᠤᠯᠤᠯᠲᠠ ᠶᠢ | ᠠᠬᠢᠭᠤᠯᠬᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠦᠢᠯᠡᠴᠢᠯᠡᠭᠡ ᠪᠠᠲᠤᠯᠠᠭ᠎ᠠ ᠵᠢᠴᠢ ᠲᠤᠰ ᠪᠡᠶ᠎ᠡ ᠶᠢᠨ | ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠪᠠ᠃ | ︵ᠬᠤᠶᠠᠷ︶ ᠪᠥᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ | ᠣᠷᠣᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠪᠠ ᠪᠡᠯᠡ ᠣᠷᠣᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠲᠤᠯᠭᠠᠭᠤᠷᠢᠯᠠᠬᠤ ᠲᠥᠷᠥ ᠶᠢᠨ | ᠪᠣᠳᠣᠯᠭ᠎ᠠ ᠶᠢ ᠨᠡᠶᠢᠲᠡᠯᠡᠨ᠎ᠡ᠃ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ | ᠪᠠᠶᠢᠭᠠᠳ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠵᠤ᠂ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠪᠦᠬᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ | ᠣᠷᠣᠭᠤᠯᠬᠤ ᠶᠢ ᠠᠬᠢᠭᠤᠯᠬᠤ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠵᠢᠯ ᠤᠨ ᠶᠡᠷᠦᠩᠬᠡᠶ ᠬᠠᠷᠠᠯᠲᠠ ᠪᠣᠯᠤᠨ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ | ᠲᠣᠭᠤᠷᠢᠭ ᠤᠨ ᠪᠡᠯᠡ ᠣᠷᠣᠭᠤᠯᠤᠯᠲᠠ ᠶᠢᠨ ᠵᠦᠭᠯᠡᠭᠦᠷ ᠪᠣᠯᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ | ᠵᠢᠯᠣᠭᠤᠳᠬᠤ ᠭᠠᠷᠴᠠᠭ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠪᠦᠬᠦ ᠲᠣᠭᠤᠷᠢᠭ ᠤᠨ ᠠᠵᠤ ᠦᠢᠯᠡᠰ ᠤᠨ | ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠤᠯᠴᠠᠨ᠎ᠠ᠃ | ︵ᠲᠦᠷᠪᠡ︶ ᠪᠦᠬᠦ ᠲᠣᠭᠤᠷᠢᠭ ᠤᠨ ᠴᠢᠨᠠᠷᠲᠠᠶ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ | ᠲᠥᠷᠥᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ | ᠬᠠᠷᠢᠭᠤᠴᠠᠨ ᠳᠠᠭᠠᠭᠠᠨ ᠭᠦᠢᠴᠡᠳᠬᠡᠨ᠎ᠡ᠃ ᠭᠠᠳᠠᠭᠠᠳᠤ ᠪᠡᠯᠡ ᠶᠢᠨ ᠭᠠᠳᠠᠭᠠᠳᠤ ᠠᠵᠦ ᠠᠬᠤᠢ ᠶᠢ ᠥᠷᠭᠡᠳᠭᠡᠨ᠎ᠡ᠃ | ᠲᠤᠭᠤᠷᠢᠭ ᠤᠨ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ | ᠠᠬᠢᠭᠤᠯᠬᠤ ᠡᠵᠡᠩᠨᠡᠨ ᠪᠣᠷᠣᠯᠠᠭᠤᠯᠬᠤ ᠲᠥᠰᠦᠪᠯᠡᠯ᠂ ᠤᠬᠠᠭᠤᠯᠤᠨ ᠳᠡᠯᠭᠡᠷᠡᠭᠦᠯᠬᠦ ᠪᠠ ᠴᠢᠬᠤᠯᠠ ᠶᠡᠭᠡ | ᠬᠤᠳᠠᠯᠳᠤᠭᠠᠴᠢᠨ ᠤᠷᠢᠬᠤ ᠲᠥᠷᠥᠯ ᠵᠥᠢᠯ ᠤᠨ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ᠨᠡᠶᠢᠭᠡᠮ ᠤᠨ | ᠡᠬᠢ ᠪᠠᠶᠠᠯᠢᠭ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠴᠦ ᠬᠤᠳᠠᠯᠳᠤᠭᠠᠴᠢᠨ ᠤᠷᠢᠬᠤ | ᠲᠥᠷᠥᠯ ᠵᠦᠢᠯ ᠢ ᠢᠯᠡᠷᠡᠭᠦᠯᠬᠦ ᠲᠣᠭᠲᠠᠴᠠ ᠶᠢᠨ ᠰᠢᠨ᠎ᠡ ᠶᠢ ᠡᠭᠦᠳᠦᠨ᠎ᠡ᠃ | ︵ᠲᠠᠪᠤ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠠᠮᠢᠶᠠᠷᠤᠯᠲᠠ᠂ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ᠃ ᠳ᠋ᠦᠩ ᠾᠧ ᠲᠣᠭᠤᠷᠢᠭ ᠤᠨ ᠭᠤᠣᠯᠯᠠᠬᠤ ᠠᠵᠤ ᠦᠢᠯᠡᠰ ᠤᠨ ᠣᠳᠣᠬᠢ ᠪᠠᠶᠢᠳᠠᠯ ᠪᠠ | ᠣᠨᠴᠠᠯᠢᠭ ᠢ ᠦᠨᠳᠦᠰᠦᠯᠡᠨ ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ | ᠰᠠᠯᠠᠭ᠎ᠠ ᠮᠥᠴᠢᠷ᠂ ᠭᠠᠵᠠᠷ ᠣᠷᠣᠨ ᠲᠠᠢ ᠬᠠᠮᠲᠤᠷᠠᠨ ᠪᠥᠬᠦ ᠴᠤᠪᠤᠷᠠᠯ ᠢᠶᠠᠷ ᠦᠢᠯᠡᠴᠢᠯᠡᠬᠦ᠂ ᠪᠥᠬᠦ ᠬᠦᠴᠦᠨ | ᠵᠦᠢᠯ ᠤᠨ ᠪᠠᠲᠤᠯᠠᠭ᠎ᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠵᠣᠬᠢᠴᠠᠭᠤᠯᠬᠤ ᠦᠢᠯᠡᠴᠢᠯᠡᠭᠡᠨ ᠤ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠢᠬᠤᠯᠠ ᠶᠡᠭᠡ ᠬᠤᠳᠠᠯᠳᠤᠭᠠᠴᠢᠨ ᠤᠷᠢᠬᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠪᠠ ᠮᠥᠷᠳᠡᠨ ᠦᠢᠯᠡᠴᠢᠯᠡᠬᠦ ᠶᠢ ᠬᠠᠷᠢᠭᠤᠴᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠲᠥᠷᠥᠯ ᠵᠦᠢᠯ ᠤᠨ ᠭᠠᠷᠳᠠᠮ ᠭᠦᠢᠴᠡᠳᠬᠡᠬᠦ ᠶᠢ ᠲᠣᠬᠢᠷᠠᠭᠤᠯᠤᠨ᠂ ᠤᠰᠤ᠂ ᠴᠠᠬᠢᠯᠭᠠᠨ᠂ ᠬᠡᠢ᠂ | ᠭᠠᠵᠠᠷ ᠰᠢᠷᠣᠶ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠦᠴᠢᠷᠳᠡᠯ | ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠵᠤ | ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠠᠵᠢᠯ ᠢ ᠬᠠᠷᠢᠭᠤᠴᠠᠨ᠎ᠠ᠃ ᠠᠵᠤ ᠦᠢᠯᠡᠰ᠂ ᠰᠢᠨᠵᠢᠯᠡᠬᠦ ᠤᠬᠠᠭᠠᠨ | ᠮᠡᠷᠭᠡᠵᠢᠯ᠂ ᠬᠦᠷᠦᠩᠭᠡ᠂ ᠴᠢᠳᠠᠪᠤᠷᠢᠲᠠᠨ ᠢ ᠬᠠᠷᠢᠯᠴᠠᠨ ᠠᠭᠤᠰᠤᠯᠴᠠᠭᠤᠯᠤᠭᠰᠠᠨ ᠪᠦᠬᠦ ᠡᠯᠧᠮᠧᠨ᠋ᠲ ᠢᠶᠠᠷ | ᠬᠤᠳᠠᠯᠳᠤᠭᠠᠴᠢᠨ ᠤᠷᠢᠬᠤ ᠶᠢ ᠰᠦᠪᠡᠭᠴᠢᠯᠡᠨ ᠬᠡᠷᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠤᠰᠬᠠᠶ ᠵᠦᠢᠯ ᠢᠶᠠᠷ ᠬᠥᠲᠥᠯᠥᠨ ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠶᠢ ᠠᠬᠢᠭᠤᠯᠤᠨ᠎ᠠ᠃ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ᠂ ᠳ᠋ᠦᠩ ᠾᠧ ᠲᠣᠭᠤᠷᠢᠭ ᠤᠨ ᠭᠠᠳᠠᠭᠠᠳᠤ ᠳᠤ ᠰᠠᠭᠤᠭ᠎ᠠ ᠬᠡᠷᠡᠭ ᠡᠷᠬᠢᠯᠡᠬᠦ | ᠪᠠᠶᠢᠭᠤᠯᠤᠮᠵᠢ ᠲᠠᠢ ᠬᠠᠷᠢᠯᠴᠠᠵᠤ ᠪᠠᠶᠢᠭᠠᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠬᠦ ᠶᠢ | ᠬᠠᠷᠢᠭᠤᠴᠠᠨ᠎ᠠ᠃ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠦᠷ᠎ᠡ | ᠪᠦᠲᠦᠭᠡᠯ ᠢ ᠬᠤᠪᠢᠷᠠᠭᠤᠯᠬᠤ ᠪᠠᠶᠢᠭᠤᠯᠤᠮᠵᠢ᠂ ᠬᠤᠳᠠᠯᠳᠤᠭᠠᠴᠢᠳ ᠤᠨ ᠡᠪᠯᠡᠯ᠂ ᠨᠡᠶᠢᠭᠡᠮᠯᠢᠭ᠂ ᠵᠠᠭᠤᠴᠢ | ᠪᠠᠶᠢᠭᠤᠯᠤᠮᠵᠢ ᠵᠡᠷᠭᠡ ᠶᠢ ᠵᠣᠯᠭᠠᠭᠤᠯᠤᠨ ᠬᠠᠷᠢᠯᠴᠠᠨ᠎ᠠ᠃ ᠬᠤᠳᠠᠯᠳᠤᠭᠠᠴᠢᠨ ᠤᠷᠢᠬᠤ ᠵᠥᠪᠯᠡᠭᠴᠢ ᠶᠢᠨ ᠪᠦᠯᠬᠦᠮ ᠢ | ᠵᠣᠬᠢᠶᠠᠨ ᠪᠠᠶᠢᠭᠤᠯᠵᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠳᠤ ᠬᠦᠴᠦᠨ ᠨᠡᠮᠡᠷᠢᠯᠡᠨ᠎ᠡ᠃ ᠲᠥᠷᠥᠯ | ᠵᠦᠢᠯ ᠢ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠪᠦᠯᠬᠦᠮ ᠢ ᠵᠣᠬᠢᠶᠠᠨ ᠪᠠᠶᠢᠭᠤᠯᠵᠤ᠂ | ᠴᠢᠬᠤᠯᠠ ᠶᠡᠭᠡ ᠲᠥᠷᠥᠯ ᠵᠦᠢᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠳᠤ ᠵᠠᠳᠠᠯᠤᠯᠲᠠ ᠬᠢᠵᠦ | ᠰᠤᠳᠤᠯᠤᠨ ᠮᠠᠭᠠᠳᠯᠠᠵᠤ᠂ ᠠᠰᠠᠭᠤᠨ ᠯᠠᠪᠯᠠᠵᠤ ᠦᠨᠡᠯᠡᠨ ᠵᠢᠱᠢᠬᠦ ᠬᠡᠷᠡᠭᠲᠡᠶ᠃ | ︵ᠳᠤᠯᠤᠭ᠎ᠠ︶ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠰᠤᠳᠤᠯᠤᠨ᠎ᠠ᠃ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠠᠵᠤ ᠦᠢᠯᠡᠰ ᠤᠨ | ᠬᠥᠭᠵᠢᠯᠲᠡ ᠶᠢᠨ ᠬᠠᠨᠳᠤᠰᠢ ᠶᠢ ᠵᠠᠳᠠᠯᠵᠤ᠂ ᠬᠤᠯᠪᠣᠭᠳᠠᠯ ᠪᠦᠬᠦᠢ ᠰᠤᠳᠤᠯᠭᠠᠨ ᠤ ᠦᠷ᠎ᠡ ᠪᠦᠲᠦᠭᠡᠯ ᠤᠨ | ᠨᠠᠶᠢᠷᠠᠭᠤᠯᠤᠨ ᠳᠠᠷᠤᠮᠠᠯᠯᠠᠬᠤ ᠶᠢ ᠬᠠᠷᠢᠭᠤᠴᠠᠨ᠎ᠠ᠃ ᠬᠤᠳᠠᠯᠳᠤᠭᠠᠴᠢᠨ ᠤᠷᠢᠬᠤ ᠲᠣᠤᠷ ᠰᠦᠯᠵᠢᠶᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠥᠬᠦ ᠲᠣᠭᠤᠷᠢᠭ ᠤᠨ | ᠬᠤᠳᠠᠯᠳᠤᠭᠠᠴᠢᠨ ᠤᠷᠢᠬᠤ ᠮᠡᠳᠡᠭᠡ ᠵᠠᠩᠭᠢ᠂ ᠬᠠᠷᠢᠯᠴᠠᠬᠤ ᠠᠵᠤ ᠠᠬᠤᠶᠢᠯᠠᠯ᠂ ᠴᠢᠬᠤᠯᠠ ᠬᠤᠳᠠᠯᠳᠤᠭᠠᠴᠢᠨ ᠵᠡᠷᠭᠡ | ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ | ︵ᠨᠠᠢᠮᠠ︶ ᠲᠣᠭᠤᠷᠢᠭ ᠤᠨ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠢ ᠵᠢᠯᠣᠭᠤᠳᠬᠤ᠂ ᠲᠣᠬᠢᠷᠠᠭᠤᠯᠬᠤ᠂ ᠰᠢᠮᠳᠠᠭᠤᠯᠤᠨ ᠪᠠᠶᠢᠴᠠᠭᠠᠬᠤ᠂ ᠬᠢᠨᠠᠨ | ᠰᠢᠯᠭᠠᠬᠤ ᠠᠵᠢᠯ ᠢ ᠬᠠᠷᠢᠭᠤᠴᠠᠵᠤ᠂ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠪᠦᠬᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠪᠡᠯᠡ | ᠣᠷᠣᠭᠤᠯᠤᠯᠲᠠ ᠶᠢ ᠠᠬᠢᠭᠤᠯᠬᠤ ᠡᠩᠨᠡᠭᠡᠨ ᠤ ᠲᠤᠰᠬᠠᠶᠢᠵᠢᠭᠰᠠᠨ ᠪᠠᠶᠢᠭᠤᠯᠤᠯᠲᠠ ᠶᠢ ᠬᠠᠷᠢᠭᠤᠴᠠᠨ᠎ᠠ᠃ ᠺᠠᠳ᠋ᠷ ᠤᠨ | ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠬᠤ᠂ ᠬᠡᠷᠡᠭᠯᠡᠬᠦ ᠶᠢ ᠰᠢᠨᠵᠢᠯᠡᠨ ᠪᠠᠶᠢᠴᠠᠭᠠᠬᠤ᠂ ᠬᠢᠨᠠᠨ ᠰᠢᠯᠭᠠᠵᠤ ᠱᠠᠩᠨᠠᠨ | ᠲᠣᠷᠭᠠᠬᠤ ᠳᠦᠷᠢᠮ ᠢ ᠪᠠᠶᠢᠭᠤᠯᠬᠤ ᠬᠡᠷᠡᠭᠲᠡᠶ᠃ ᠪᠦᠬᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠪᠠ ᠪᠡᠯᠡ ᠣᠷᠣᠭᠤᠯᠤᠯᠲᠠ ᠶᠢ ᠠᠬᠢᠭᠤᠯᠬᠤ ᠴᠢᠳᠠᠪᠤᠷᠢᠲᠠᠨ ᠤ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ ᠢ ᠬᠠᠷᠢᠭᠤᠴᠠᠨ᠎ᠠ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠭᠤᠷᠪᠠ᠂ ᠳᠣᠲᠣᠭᠠᠳᠤ ᠪᠠᠶᠢᠭᠤᠯᠤᠮᠵᠢ | ︵ᠨᠢᠭᠡ︶ ᠳᠣᠲᠣᠭᠠᠳᠤ ᠪᠠᠶᠢᠭᠤᠯᠤᠮᠵᠢ᠃ ᠠᠯᠪᠠᠨ ᠭᠡᠷ᠂ ᠬᠤᠳᠠᠯᠳᠤᠭᠠᠴᠢᠨ ᠤᠷᠢᠬᠤ ᠶᠡᠷᠦᠩᠬᠡᠶᠢᠯᠡᠨ | ᠵᠣᠬᠢᠴᠠᠭᠤᠯᠬᠤ ᠲᠠᠰᠤᠭ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠠᠰᠤᠭ᠃ | ︵ᠬᠤᠶᠠᠷ︶ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠃ ᠳ᠋ᠦᠩ ᠾᠧ ᠲᠣᠭᠤᠷᠢᠭ ᠤᠨ ᠪᠡᠯᠡ | ᠣᠷᠣᠭᠤᠯᠤᠯᠲᠠ ᠶᠢ ᠠᠬᠢᠭᠤᠯᠬᠤ ᠲᠥᠪ ᠨᠢ ᠰᠲ᠋ᠣᠺ ᠤᠨ ᠲᠡᠰ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃ | ᠳᠥᠷᠪᠡ᠂ ᠴᠢᠮᠡᠭᠡ ᠨᠡᠪᠲᠡᠷᠡᠯᠭᠡ ᠬᠠᠶ᠋ᠢᠭ ᠵᠡᠷᠭᠡ ᠮᠡᠳᠡᠭᠡ ᠵᠠᠩᠭᠢ | ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠵᠠᠰᠠᠭ ᠤᠨ ᠠᠰᠠᠷ ᠤᠨ | 902 ︵ᠬᠤᠶᠠᠷ︶ ᠠᠯᠪᠠᠨ ᠭᠡᠷ | ᠬᠠᠷᠢᠯᠴᠠᠬᠤ ᠤᠲᠠᠰᠤ᠄ 0472 - 4388073 | ᠬᠠᠷᠢᠭᠤᠴᠠᠯᠭᠠᠲᠠᠨ᠄ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠲᠤᠪᠴᠢᠶᠠᠨ ᠳᠠᠷᠤᠭ᠎ᠠ ᠯᠢ ᠢ | ᠠᠯᠪᠠᠯᠠᠬᠤ ᠴᠠᠭ᠄ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 2᠄ 30 - 5 | ᠄ 30 |