ᠳ᠋ᠦᠩ ᠾᠧ ᠲᠣᠭᠤᠷᠢᠭ ᠤᠨ 2025 ᠣᠨ ᠤ 1 ᠰᠠᠷ᠎ᠠ ᠠᠴᠠ 2 ᠰᠠᠷ᠎ᠠ ᠪᠣᠯᠲᠠᠯᠠᠬᠢ ᠠᠵᠤ ᠠᠬᠤᠶ ᠶᠢᠨ ᠭᠤᠤᠯ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/3/25
    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ 1 - 2 ᠳ᠋ᠤᠭᠠᠷ ᠰᠠᠷ᠎ᠠ ᠳᠤ᠂ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ 7.5%᠂ 7.6 ᠵᠠᠭᠤᠨ ᠤ ᠴᠡᠭ ᠥᠨᠳᠥᠷ ᠪᠠᠶᠢᠵᠤ ᠂ ᠪᠦᠬᠦ ᠬᠤᠲᠠ ᠶᠢᠨ 2.6 ᠵᠠᠭᠤᠨ ᠤ ᠴᠡᠭ ᠳᠣᠣᠷ᠎ᠠ ᠪᠣᠯᠵᠠᠢ᠃     ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠰᠠᠶᠢᠨ ᠪᠠᠶᠢᠵᠤ᠂ 1 - 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠵᠦ᠂ ᠪᠥᠬᠦ ᠤᠯᠤᠰ ᠤᠨ 15.4 ᠵᠠᠭᠤᠨ ᠤ ᠨᠢᠭᠡᠴᠢ ᠠᠴᠠ ᠥᠨᠳᠥᠷ ᠪᠣᠯᠵᠣ᠂ ᠲᠣᠰ ᠲᠣᠰ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 0.7᠂ 1.8 ᠵᠠᠭᠤᠨ ᠤ ᠴᠡᠭ ᠠᠴᠠ ᠳᠣᠤᠷ᠎ᠠ ᠪᠣᠯᠪᠠ᠃     ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ      ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠲᠦᠷᠭᠡᠳᠴᠦ᠂ 1 - 2 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 17.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠨᠡᠮᠡᠭᠳᠡᠨ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 8.1 ᠵᠠᠭᠤᠨ ᠤ ᠴᠡᠭ ᠳᠡᠭᠡᠭᠰᠢᠯᠡᠵᠦ᠂ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ 5᠂ 3.8᠂ 1.8 ᠵᠠᠭᠤᠨ ᠤ ᠨᠢᠭᠡᠴᠢ ᠠᠴᠠ ᠥᠨᠳᠥᠷ ᠪᠣᠯᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1