ᠨᠢᠭᠡ᠂ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ | ᠵᠢᠷᠤᠮᠵᠢᠭᠤᠯᠬᠤ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ | ᠮᠥᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ | ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ | ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠶᠢ ᠬᠠᠤᠯᠢ ᠪᠠᠷ ᠲᠣᠭᠲᠠᠭᠠᠭᠰᠠᠨ ᠵᠢᠷᠤᠮᠵᠢᠯᠠᠯ ᠪᠤᠯᠭᠠᠨ᠎ᠠ ᠭᠡᠵᠦ ᠳᠤᠷᠠᠳᠴᠠᠢ᠃ 2019 ᠣᠨ ᠳᠤ | ᠲᠥᠷᠥ ᠶᠢᠨ ᠶᠠᠪᠤᠳᠠᠯ ᠤᠨ ᠬᠤᠷᠢᠶ᠎ᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠢ ᠲᠤᠰᠬᠠᠶᠢᠯᠠᠨ ᠨᠡᠶᠢᠲᠡᠯᠡᠵᠦ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠶᠠᠪᠤᠴᠠ ᠳᠤ ᠪᠣᠳᠠᠲᠠᠶ ᠲᠣᠭᠲᠠᠭᠠᠯ ᠭᠠᠷᠭᠠᠪᠠ᠃ | 2020 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 248 ᠳ᠋ᠤᠭᠠᠷ ᠲᠣᠭᠠᠲᠤ︶ ᠴᠦ ᠠᠳᠠᠯᠢᠬᠠᠨ ᠲᠣᠳᠣᠷᠬᠠᠶᠢᠯᠠᠪᠠ᠃ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠭᠠᠷᠴᠠᠭ ᠢ ᠲᠣᠭᠲᠠᠭᠠᠬᠤ ᠶᠢᠨ ᠬᠠᠮᠲᠤ | ᠨᠡᠶᠢᠲᠡᠯᠡᠬᠦ ᠪᠣᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠦᠢᠯᠡ ᠠᠵᠢᠯᠯᠠᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ | ᠰᠢᠢᠳᠪᠦᠷᠢᠲᠦ ᠪᠣᠳᠣᠯᠭ᠎ᠠ ᠶᠢᠨ ᠬᠢᠨᠠᠯᠲᠠ ᠶᠢ ᠴᠢᠩᠭᠠᠳᠬᠠᠬᠤ ᠶᠢᠨ ᠤᠷᠢᠲᠠᠯ ᠨᠥᠬᠦᠴᠡᠯ ᠪᠠ ᠰᠠᠭᠤᠷᠢ ᠠᠵᠢᠯ ᠪᠠᠶᠢᠵᠤ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠪᠣᠳᠠᠲᠠᠶ ᠱᠠᠭᠠᠷᠳᠠᠯᠭ᠎ᠠ ᠮᠥᠨ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠬᠤ ᠨᠢᠭᠡ ᠵᠦᠢᠯ ᠤᠨ | ᠪᠣᠳᠠᠲᠠᠶ ᠠᠷᠭ᠎ᠠ ᠬᠡᠮᠵᠢᠶ᠎ᠡ ᠮᠥᠨ᠃ ᠮᠠᠨ ᠤ ᠲᠤᠭᠤᠷᠢᠭ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠯᠠᠨ ᠨᠡᠶᠢᠲᠡ ᠶᠢᠨ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ | ᠵᠠᠰᠠᠭ ᠤᠨ ᠣᠷᠳᠣᠨ ᠤ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠠᠬᠢᠭᠤᠯᠬᠤ ᠶᠢᠨ ᠲᠤᠰᠠᠳᠠ᠂ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ︽ᠳ᠋ᠦᠩ ᠾᠧ | ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠲᠣᠭᠲᠠᠭᠠᠨ ᠨᠡᠶᠢᠲᠡᠯᠡᠪᠡ᠃ | ᠬᠤᠶᠠᠷ᠂ ᠭᠠᠷᠴᠠᠭ ᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠪᠠ ᠠᠭᠤᠯᠭ᠎ᠠ | ᠭᠠᠷᠴᠠᠭ ᠲᠤ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 713 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 248 ᠳ᠋ᠤᠭᠠᠷ ᠲᠣᠭᠠᠲᠤ︶ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃ | ᠭᠠᠷᠴᠠᠭ ᠲᠤ ᠨᠡᠶᠢᠲᠡ ᠨᠢᠭᠡ ᠵᠦᠢᠯ ᠢ ᠪᠠᠭᠲᠠᠭᠠᠨ᠎ᠠ᠄ | 1. ︽ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠳ᠋ᠦᠩ ᠾᠧ | ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠭᠤᠷᠪᠠ᠂ ᠭᠠᠷᠴᠠᠭ ᠤᠨ ᠵᠦᠢᠯᠡᠰ ᠢ ᠬᠡᠷᠡᠭᠵᠢᠭᠦᠯᠬᠦ | ᠭᠠᠷᠴᠠᠭ ᠲᠤ ᠣᠷᠣᠭᠤᠯᠬᠤ ᠵᠦᠢᠯᠡᠰ ᠲᠤ ᠣᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ | ᠲᠣᠭᠤᠷᠢᠭ ᠤᠨ ᠵᠠᠰᠠᠭ ᠤᠨ ᠣᠷᠳᠣᠨ ᠤ ᠬᠠᠮᠲᠤ ᠪᠠᠷ ᠬᠢᠨᠠᠨ ᠵᠥᠪᠯᠡᠬᠦ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠶᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠠᠬᠢᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ |